︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠳᠡᠯᠭᠡᠨ ᠪᠣᠷᠣᠯᠠᠭᠤᠯᠬᠤ ᠠᠵᠢᠯᠯᠠᠭ᠎ᠠ ᠪᠡᠭᠡᠵᠢᠩ ᠳᠤ ᠪᠤᠯᠤᠯ᠎ᠠ
ᠨᠡᠶᠢᠲᠡᠯᠡᠭᠰᠡᠨ ᠴᠠᠭ᠄
2023/8/28
      ︽ ᠲᠡᠭᠷᠢ ᠶᠢᠨ ᠬᠡᠰᠢᠭᠲᠦ ᠪᠣᠷᠣᠲᠣᠬᠤᠶ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠭᠦᠨ ᠢ ᠪᠡᠭᠡᠵᠢᠩ ᠥᠪᠥᠷ ᠮᠣᠩᠭᠤᠯ ᠬᠠᠮᠲᠤ ᠪᠠᠷ ᠡᠳ᠋ᠯᠡᠬᠦ︾ ᠳᠡᠯᠭᠡᠨ ᠪᠣᠷᠣᠯᠠᠭᠤᠯᠬᠤ ᠠᠵᠢᠯᠯᠠᠭ᠎ᠠ ᠣᠶᠢᠷ᠎ᠠ ᠳᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠶᠠᠪᠤᠭᠳᠠᠪᠠ᠃ ᠪᠦᠲᠦᠭᠡᠭᠳᠡᠭᠦᠨ ᠢᠶᠠᠨ ᠳᠡᠯᠭᠡᠨ ᠦᠵᠡᠭᠦᠯᠬᠦ᠂ ᠤᠬᠠᠭᠤᠯᠤᠨ ᠲᠠᠨᠢᠯᠴᠠᠭᠤᠯᠬᠤ᠂ ᠰᠢᠯᠭᠠᠨ ᠦᠨᠡᠯᠡᠵᠦ ᠳᠡᠯᠭᠡᠨ ᠪᠣᠷᠣᠯᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠶᠠᠨᠨᠠᠭᠤᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠤᠯᠠᠨ ᠲᠠᠯ᠎ᠠ ᠠᠴᠠ ᠲᠠᠨᠢᠯᠴᠠᠭᠤᠯᠵᠤ᠂ ᠪᠡᠭᠡᠵᠢᠩ ᠬᠤᠲᠠ ᠶᠢᠨ ᠠᠷᠠᠳ ᠲᠤ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃
140.png
      ᠪᠡᠭᠡᠵᠢᠩ ᠤᠨ ᠬᠤᠲᠠ ᠶᠢᠨ ᠠᠷᠠᠳ ︽ᠲᠡᠭᠷᠢ ᠶᠢᠨ ᠬᠡᠰᠢᠭᠲᠦ ᠪᠤᠷᠤᠳᠤᠬᠤᠢ︾ ᠶᠢᠨ ᠪᠦᠲᠦᠭᠡᠭᠳᠡᠭᠦᠨ ᠢ ᠰᠤᠩᠭᠤᠵᠦ ᠪᠠᠶᠢᠭ᠎ᠠ ᠨᠢ      ᠰᠣᠷᠪᠣᠯᠵᠢᠯᠠᠬᠴᠢ ᠲᠡᠬᠦᠰᠪᠢᠯᠢᠭ ᠰᠡᠬᠦᠳᠡᠷᠯᠡᠪᠡ      ᠳᠡᠯᠭᠡᠨ ᠪᠣᠷᠣᠯᠠᠭᠤᠯᠬᠤ ᠲᠤᠬᠠᠶ ᠶᠢᠨ ᠲᠠᠯᠠᠪᠠᠶ ᠳᠤ ᠂ ᠰᠠᠨ ᠫᠠᠩ ᠳ᠋ᠠᠨ ᠨᠠᠷᠠᠨ ᠬᠤᠸᠠᠷ ᠤᠨ ᠦᠷ᠎ᠡ᠂ ᠮᠢᠨ ᠯᠦᠩ ᠲᠦᠪᠡᠳ ᠬᠠᠰᠢ ᠶᠢᠨ ᠤᠮᠳᠠᠭᠠᠨ᠂ ᠾᠧᠩ ᠹᠧᠩ ᠭᠤᠯᠢᠷ᠂ ᠶᠢᠨ ᠼᠤᠤ ᠶᠤᠸᠠᠨ ᠬᠤᠨᠢᠨ ᠮᠢᠬ᠎ᠠ ᠵᠡᠷᠭᠡ ᠮᠠᠰᠢ ᠣᠯᠠᠨ ︽ ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠡᠷᠬᠡ ᠣᠯᠭᠤᠭᠰᠠᠨ ᠪᠦᠲᠦᠭᠡᠭᠳᠡᠭᠦᠨ ᠨᠢ ᠪᠡᠭᠡᠵᠢᠩ ᠤᠨ ᠠᠷᠠᠳ ᠣᠯᠠᠨ ᠤ ᠠᠩᠬᠠᠷᠤᠯ ᠢ ᠲᠠᠲᠠᠵᠤ᠂ ᠠᠮᠰᠠᠨ ᠦᠵᠡᠬᠦ ᠪᠠ ᠬᠤᠳᠠᠯᠳᠤᠨ ᠠᠪᠤᠭᠰᠠᠨ ᠪᠠᠶᠢᠨ᠎ᠠ ᠃ ︽ᠪᠠᠶᠠᠨᠨᠠᠭᠤᠷ ᠤᠨ ᠲᠠᠷᠢᠶᠠᠯᠠᠩ ᠤᠨ ᠣᠨᠴᠠ ᠭᠠᠷᠤᠯᠲᠠ ᠪᠦᠷ ᠨᠡᠯᠢᠶᠡᠳ ᠵᠦᠭᠡᠷ᠂ ᠨᠠᠷᠠᠨ ᠬᠤᠸᠠᠷ ᠤᠨ ᠦᠷ᠎ᠡ ᠶᠢᠨ ᠮᠥᠬᠦᠯᠢᠭ ᠨᠢ ᠳᠦᠭᠦᠷᠡᠩ᠂ ᠠᠮᠲᠠ ᠨᠢ ᠰᠠᠶᠢᠬᠠᠨ ᠂ ᠭᠤᠯᠢᠷ ᠨᠢ ᠵᠠᠵᠢᠯᠠᠭᠤᠷᠢᠲᠠᠢ ᠮᠦᠷᠲᠡᠭᠡᠨ ᠠᠮᠲᠠᠲᠠᠶ ᠪᠠᠶᠢᠵᠤ ᠂ ᠪᠢ ᠲᠥᠷᠥᠯ ᠰᠠᠳᠤᠨ ᠨᠠᠶᠢᠵᠠ ᠨᠦᠬᠦᠳ ᠲᠡᠭᠡᠨ ᠬᠤᠳᠠᠯᠳᠤᠨ ᠠᠪᠴᠤ ᠠᠮᠲᠠᠯᠠᠭᠤᠯᠬᠤ ᠰᠠᠨᠠᠭ᠎ᠠ ᠲᠠᠢ︾ ᠭᠡᠵᠦ ᠬᠤᠲᠠ ᠶᠢᠨ ᠠᠷᠠᠳ ᠸᠠᠩ ᠠᠪᠠᠭ᠋ᠠᠢ ᠱᠠᠭᠰᠢᠨ ᠶᠠᠷᠢᠨ᠎ᠠ᠃      ᠠᠵᠢᠯᠯᠠᠭ᠎ᠠ ᠪᠠᠷ ᠲᠠᠮᠵᠢᠭᠤᠯᠤᠨ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠠᠶᠠᠨᠨᠠᠭᠤᠷ ᠬᠤᠲᠠ ᠶᠢᠨ ᠪᠣᠬᠢᠷᠲᠤᠯ ᠥᠬᠡᠶ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ ᠥᠷᠭᠡᠳᠬᠡᠭᠰᠡᠨ ᠪᠦᠭᠡᠳ ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠥᠬᠦ ᠤᠯᠤᠰ ᠤᠨ ᠬᠡᠷᠡᠭᠯᠡᠭᠴᠢᠳ ᠲᠤ ᠬᠠᠩᠭᠠᠬᠤ ᠳᠤ ᠰᠠᠭᠤᠷᠢ ᠲᠠᠯᠪᠢᠭᠰᠠᠨ ᠪᠠᠶᠢᠨ᠎ᠠ ᠃      ᠣᠳᠣᠬᠠᠨ ᠳᠤ ᠲᠥᠪᠡᠳ ᠬᠠᠰᠢ ᠶᠢᠨ ᠤᠮᠳᠠᠭᠠᠨ ᠨᠢ ᠨᠢᠭᠡᠨᠲᠡ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠠᠵᠢᠯᠴᠢᠨ ᠤ ᠬᠤᠭᠤᠯᠠᠨ ᠬᠡᠷ ᠵᠢᠴᠢ ᠡᠳᠦᠷ ᠲᠤᠲᠤᠮ ᠤᠨ ᠭᠥᠯᠢᠶᠡᠨ ᠵᠣᠴᠢᠯᠠᠬᠤ ᠳᠤ ᠬᠡᠷᠡᠭᠯᠡᠬᠦ ᠲᠣᠭᠲᠠᠭᠰᠠᠨ ᠤᠮᠳᠠᠭᠠᠨ ᠪᠣᠯᠵᠠᠶ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号