ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾  ᠦᠭᠡᠷᠡᠴᠢᠯᠡᠯᠳᠡ ᠶᠢᠨ 9 ᠵᠦᠢᠯ ᠤᠨ ᠵᠠᠭᠪᠤᠷ — ᠨᠠᠢᠮᠠ
ᠨᠡᠶᠢᠲᠡᠯᠡᠭᠰᠡᠨ ᠴᠠᠭ᠄
2023/8/29
      ᠬᠠᠮᠲᠤᠷᠠᠯᠴᠠᠭ᠎ᠠ ᠦᠷ᠎ᠡ ᠠᠰᠢᠭ ᠣᠯᠵᠤ ᠠᠰᠢᠭ ᠬᠤᠪᠢᠶᠠᠨ ᠠᠷᠠᠳ ᠲᠤ ᠠᠰᠢᠭ ᠬᠦᠷᠲᠡᠭᠡᠪᠡ — ᠬᠠᠩᠭᠢᠨ ᠬᠤᠶᠢᠲᠤ ᠬᠤᠰᠢᠭᠤᠨ ᠤ ᠾᠧ ᠫᠢᠩ ᠲᠣᠰᠬᠤᠨ      ᠪᠠᠶᠠᠨᠨᠠᠭᠤᠷ ᠤᠨ ᠬᠠᠩᠭᠢᠨ ᠬᠤᠶᠢᠲᠤ ᠬᠤᠰᠢᠭᠤᠨ ᠤ ᠰᠠᠨ ᠳ᠋ᠣᠣ ᠴᠢᠶᠣᠤ ᠪᠠᠯᠭᠠᠰᠤᠨ ᠤ ᠾᠧ ᠫᠢᠩ ᠲᠣᠰᠬᠤᠨ ᠪᠣᠯ ᠪᠣᠷᠣᠳᠣᠬᠤᠢ ᠶᠢᠨ ᠲᠠᠯ᠎ᠠ ᠭᠠᠵᠠᠷ ᠤᠨ ᠥᠷᠥᠴᠡᠨ ᠳᠤ ᠪᠠᠶᠢᠷᠢᠯᠠᠵᠤ ᠂ ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠬᠤ ᠪᠥᠭᠡᠳ ᠪᠠᠰᠠ ᠴᠤ ᠴᠢᠬᠤᠯᠠ ᠲᠦᠭᠦᠬᠡᠢ  ᠰᠦ ᠶᠢᠨ ᠭᠠᠷᠤᠯᠲᠠ ᠶᠢᠨ ᠣᠷᠣᠨ ᠤ ᠨᠢᠭᠡ ᠪᠣᠯᠣᠨ᠎ᠠ ᠃ ᠣᠶᠢᠷ᠎ᠠ ᠶᠢᠨ ᠵᠢᠯ ᠠᠴᠠ ᠂ ᠾᠧ ᠫᠢᠩ ᠲᠣᠰᠬᠤᠨ ᠤ ᠬᠢᠨ ᠨᠠᠮ ᠤᠨ ᠡᠭᠦᠷ ᠤᠨ ᠳᠠᠭᠠᠭᠤᠯᠤᠨ ᠬᠤᠷᠰᠢᠶ᠎ᠠ ᠡᠷᠬᠢᠯᠡᠬᠦ ᠪᠠᠷ ᠳᠠᠮᠵᠢᠭᠤᠯᠵᠤ ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ ᠂ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠂ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠵᠦ ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠵᠤ ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠵᠤ ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠠᠢ ᠃
图片1.png
      ᠲᠠᠷᠢᠶᠠᠴᠢᠳ ︽ ᠲᠠᠷᠬᠠᠵᠤ ︾ ᠪᠠᠶᠢᠭᠰᠠᠨ ᠠᠴᠠ ᠪᠠᠨ ︽ ᠴᠤᠭᠯᠠᠷᠠᠪᠠ ︾  ᠃ 2019 ᠣᠨ ᠳᠤ ᠾᠧ ᠫᠢᠩ ᠲᠣᠰᠬᠤᠨ ᠤ ᠬᠢᠨ ᠨᠠᠮ ᠤᠨ ᠭᠡᠰᠢᠭᠦᠨ ᠤ ᠲᠥᠯᠥᠭᠡᠯᠡᠭᠴᠢ ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠭᠤᠯᠵᠤ ᠂ ᠲᠤᠰ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ ᠂ ︽ ᠨᠠᠮ ᠤᠨ ᠡᠭᠦᠷ ᠲᠦᠷᠦᠭᠦᠯᠡᠵᠦ ᠂ ᠲᠣᠰᠬᠤᠨ ᠤ ᠠᠷᠠᠳ ᠬᠤᠪᠢ ᠣᠷᠣᠵᠤ ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠤᠷᠰᠢᠶ᠎ᠠ ᠶᠢ ᠬᠠᠮᠲᠤᠪᠠᠷ ᠪᠠᠶᠢᠭᠤᠯᠬᠤ ︾ ᠬᠥᠭᠵᠢᠯᠲᠡ ᠶᠢᠨ ᠵᠠᠮ ᠱᠤᠭᠤᠮ ᠢ ᠲᠣᠭᠲᠠᠭᠠᠵᠤ ᠂ ᠲᠤᠬᠠᠢ ᠶᠢᠨ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ ᠵᠢᠶᠦ᠋ᠨ ᠹᠧᠩ ᠮᠠᠯ ᠠᠵᠤ ᠠᠬᠤᠢ 1500 ᠲᠦᠮᠡᠨ ᠲᠥᠭᠦᠷᠢᠭ ᠤᠨ ᠬᠤᠪᠢ ᠣᠷᠣᠭᠤᠯᠵᠤ ᠂ ᠲᠣᠰᠬᠤᠨ ᠤ ᠠᠷᠠᠳ ᠰᠠᠶᠢᠨ ᠳᠤᠷ᠎ᠠ ᠠᠴᠠ ᠪᠠᠨ 2500 ᠲᠦᠮᠡᠨ ᠲᠥᠭᠦᠷᠢᠭ ᠤᠨ ᠬᠤᠪᠢ ᠣᠷᠣᠭᠤᠯᠵᠤ ᠂ ᠵᠦᠩ ᠴᠧᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠪᠠᠶᠢᠭᠤᠯᠪᠠ ᠃      ᠡᠵᠡᠩᠨᠡᠯᠲᠡ ᠨᠢ ︽ ᠰᠠᠯᠤᠩᠬᠢ ︾ ᠪᠠᠶᠢᠭᠰᠠᠨ ᠠᠴᠠ ᠪᠠᠨ ︽ ᠨᠡᠶᠢᠯᠡᠪᠡ ︾  ᠃ ᠬᠤᠷᠰᠢᠶ᠎ᠠ ᠨᠢ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠲᠤᠰᠬᠠᠢ ᠪᠦᠯᠬᠦᠮ ᠨᠡᠶᠢᠲᠡ ᠶᠢ ᠤᠷᠢᠵᠤ ᠡᠵᠡᠩᠨᠡᠨ ᠬᠠᠮᠢᠶᠠᠷᠤᠭᠤᠯᠵᠤ᠂ ᠬᠥᠭᠵᠢᠭᠦᠯᠦᠨ ᠪᠤᠵᠠᠭᠠᠶᠢᠷᠠᠭᠤᠯᠵᠤ᠂ ᠢᠯᠢ ᠪᠦᠯᠦᠭᠯᠡᠯ  ᠯᠦᠭᠡ ᠬᠠᠮᠲᠤᠷᠠᠯᠴᠠᠬᠤ ᠬᠡᠯᠡᠯᠴᠡᠭᠡᠷ ᠲᠣᠭᠲᠠᠵᠤ᠂ ᠣᠲᠣ ᠨᠢᠭᠡᠨᠲᠡ ᠡᠳᠦᠷ ᠲᠤ 70 ᠭᠠᠷᠤᠢ ᠲᠣᠨ ᠰᠦ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠭᠠᠵᠠᠷ ᠢ ᠳᠠᠶᠢᠴᠢᠯᠠᠨ 6.5 ᠲᠦᠮᠡᠨ ᠮᠦ ᠡᠪᠡᠰᠦ ᠪᠣᠷᠳᠤᠭ᠎ᠠ ᠳᠠᠷᠢᠭᠤᠯᠵᠤ᠂ 2 ᠲᠦᠮᠡ ᠭᠠᠷᠤᠢ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠭᠠᠰᠤᠨ ᠪᠣᠷᠳᠣᠭᠤᠷ ᠬᠡᠷᠡᠭᠯᠡᠬᠦ ᠬᠡᠷᠡᠭᠴᠡᠭᠡ ᠶᠢ ᠬᠠᠩᠭᠠᠵᠤ  ᠳᠡᠶᠢᠯᠪᠡ ᠃      ᠲᠣᠰᠬᠤᠨ ᠤ ᠠᠷᠠᠳ ︽ᠶᠠᠳᠠᠭᠤ︾ ᠪᠠᠶᠢᠭᠰᠠᠨ ᠠᠴᠠ ᠪᠠᠨ ︽ ᠪᠠᠶᠠᠵᠢᠪᠠ ︾ ᠃ ᠬᠤᠷᠰᠢᠶ᠎ᠠ ᠶᠢ  ᠡᠵᠡᠩᠨᠡᠭᠰᠡᠨ ᠠᠴᠠ ᠨᠠᠰᠢ ᠂ ᠲᠣᠰᠬᠤᠨ ᠤ ᠠᠷᠠᠳ ᠢ ᠬᠤᠪᠢ ᠣᠷᠣᠭᠤᠯᠤᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠢ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠳᠤ ᠣᠷᠣᠯᠴᠠᠭᠤᠯᠵᠤ ᠂ ᠪᠦᠬᠦ ᠠᠵᠤ ᠦᠢᠯᠡᠰ ᠤᠨ ᠬᠡᠯᠬᠢᠶ᠎ᠡ ᠳᠤ ᠠᠰᠢᠭ ᠬᠦᠷᠲᠡᠭᠡᠵᠡᠢ ᠃ ᠡᠪᠡᠰᠦ ᠪᠣᠷᠳᠤᠭ᠎ᠠ ᠶᠢ ᠵᠠᠬᠢᠶᠠᠯᠠᠭ᠎ᠠ ᠪᠠᠷ ᠳᠠᠷᠢᠬᠤ ᠂ ᠠᠵᠢᠯ ᠤᠨ ᠪᠠᠶᠢᠷᠢ ᠬᠠᠩᠭᠠᠬᠤ ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠰᠦᠢᠳᠬᠡᠯ ᠂ ᠬᠤᠷᠰᠢᠶ᠎ᠠ ᠶᠢᠨ ᠬᠤᠪᠢ ᠣᠷᠣᠭᠤᠯᠤᠯᠲᠠ ᠪᠠᠷ ᠠᠰᠢᠭ ᠬᠤᠪᠢᠶᠠᠬᠤ ᠵᠡᠷᠭᠡ ᠪᠠᠷ ᠳᠠᠮᠵᠢᠭᠤᠯᠤᠨ ᠲᠣᠰᠬᠤᠨ ᠤ ᠠᠷᠠᠳ ᠤᠨ ︽ ᠲᠦᠷᠪᠡᠨ ᠵᠦᠢᠯ ᠤᠨ ᠣᠷᠣᠯᠭ᠎ᠠ ︾  ᠶᠢ ᠲᠦᠷᠭᠡᠨ ᠢᠶᠠᠷ ᠨᠡᠮᠡᠭᠳᠡᠭᠦᠯᠵᠦ ᠂ ᠢᠯᠠᠩᠭᠤᠶ᠎ᠠ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ︽ ᠦᠭᠡᠢ ᠪᠠᠶᠢᠭᠰᠠᠨ ᠠᠴᠠ ᠪᠠᠶᠢᠬᠤ ︾ ᠪᠤᠯᠵᠤ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ  ᠪᠦᠲᠦᠮᠵᠢᠲᠡᠢ ᠠᠷᠭ᠎ᠠ ᠵᠠᠮ ᠪᠣᠯᠤᠭᠰᠠᠨ ᠪᠠᠶᠢᠨ᠎ᠠ ᠃      ᠬᠠᠮᠲᠤ ᠨᠡᠶᠢᠳᠡ ︽ ᠪᠠᠭᠤᠷᠠᠢ ︾ ᠪᠠᠶᠢᠭᠰᠠᠨ ᠠᠴᠠ ᠪᠠᠨ ︽ ᠬᠦᠴᠦᠷᠬᠡᠭᠵᠢᠪᠡ ︾ ᠃ ᠾᠧ ᠫᠢᠩ ᠲᠣᠰᠬᠤᠨ  ᠨᠢ ᠠᠵᠤ ᠦᠢᠯᠡᠰ ᠤᠨ ᠬᠥᠭᠵᠢᠯᠲᠡ ᠳᠤ ᠲᠦᠰᠢᠭᠯᠡᠵᠦ ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ ᠂ ᠲᠣᠰᠬᠤᠨ ᠤ ᠳᠣᠲᠣᠷᠠᠬᠢ ᠠᠵᠤ ᠠᠬᠤᠢ ᠶᠢᠨ ᠬᠥᠭᠵᠢᠯᠲᠡ ᠶᠢᠨ ︽ ᠠᠯᠳᠠᠨ ᠲᠦᠯᠬᠢᠭᠦᠷ ︾  ᠢ ᠯᠠᠪᠳᠠᠭᠤᠨ ᠰᠠᠶᠢᠲᠤᠷ ᠠᠳᠬᠤᠵᠤ ᠂ ᠡᠨᠡ ᠵᠢᠯ  ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ ᠃ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠨᠢᠶᠡᠨ ᠰᠦ ᠶᠢᠨ ᠨᠡᠮᠡᠯᠲᠡ ᠥᠷᠲᠡᠭ ᠢ ᠨᠡᠮᠡᠭᠳᠡᠭᠦᠯᠬᠦ ᠶᠢᠨ ᠲᠥᠯᠥᠭᠡ᠂ ᠲᠣᠰᠬᠤᠨ ᠤ ᠠᠵᠤ ᠠᠬᠤᠶᠢᠯᠠᠯ ᠤᠨ ᠬᠠᠮᠲᠤᠷᠠᠨ ᠡᠷᠭᠢᠯᠡᠭᠰᠡᠨ ᠵᠥᠩ ᠴᠧᠩ ᠰᠦᠨ ᠪᠦᠲᠦᠭᠡᠭᠳᠡᠬᠦᠨ ᠤ ᠦᠢᠯᠡᠳᠪᠦᠷᠢ ᠠᠮᠵᠢᠯᠲᠠ ᠲᠠᠢ ᠪᠠᠷ ᠠᠰᠢᠭᠯᠠᠯᠲᠠ ᠳᠤ ᠣᠷᠣᠵᠤ ᠵᠠᠬ᠎ᠠ ᠳᠡᠯᠭᠡᠭᠦᠷ ᠲᠤ ᠭᠠᠷᠴᠤ᠂ ᠾᠧ ᠫᠢᠩ ᠲᠣᠰᠬᠤᠨ ᠤ ᠡᠳ᠋ᠰᠢᠭᠦᠯᠬᠦ ᠦᠢᠯᠡᠰ ᠲᠤ ᠰᠢᠨ᠎ᠡ ᠰᠣᠷᠭᠤᠭ ᠬᠦᠴᠦᠨ ᠨᠡᠮᠡᠷᠢᠯᠡᠪᠡ᠃ ᠲᠠᠰᠤᠷᠠᠯᠳᠡ ᠦᠭᠡᠢ ︽ ᠠᠷᠭ᠎ᠠ ᠤᠬᠠᠭᠠᠨ ᠰᠦᠪᠡᠭᠴᠢᠯᠡᠵᠦ ᠂ ᠥᠷᠭᠡᠨ ᠳᠠᠷᠳᠠᠩ ᠵᠠᠮ ᠢᠶᠠᠷ ᠵᠠᠮᠨᠠᠵᠤ ︾ ᠂ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ ᠂ ᠡᠩᠬᠡ ᠲᠠᠶᠢᠪᠤᠩ ᠲᠣᠰᠬᠤᠨ ᠤ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢᠨ ᠭᠤᠶᠤ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ ᠬᠦᠴᠦᠨ ᠨᠡᠮᠡᠷᠢᠯᠡᠪᠡ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号