ᠣᠷᠳᠣᠰ ᠬᠤᠲᠠ ᠪᠣᠯ ᠬᠠᠲᠤᠨ ᠭᠤᠣᠯ ᠤᠨ ᠵᠢᠢ ᠥᠰᠥᠭ ᠤᠨ ᠮᠣᠷᠤᠢ ᠪᠣᠷᠤ ᠲᠣᠬᠤᠢ ᠶᠢᠨ ᠥᠷᠥᠴᠡᠨ ᠳᠤ | ᠪᠠᠶᠢᠷᠢᠯᠠᠵᠤ᠂ ᠡᠷᠳᠡᠨᠢ ᠰᠢᠰᠢ ᠳᠠᠷᠢᠬᠤ ᠰᠢᠵᠢᠷ ᠠᠯᠲᠠᠨ ᠪᠦᠰᠡ ᠪᠠᠶᠢᠵᠤ᠂ ᠡᠷᠳᠡᠨᠢ ᠰᠢᠰᠢ ᠳᠠᠷᠢᠬᠤ ᠲᠠᠯᠠᠪᠠᠶ ᠨᠢ | 433.5 ᠲᠦᠮᠡᠨ ᠮᠦ ᠪᠠᠶᠢᠵᠤ᠂ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ ︵498 ᠲᠦᠮᠡᠨ ᠮᠦ︶ ᠶᠢᠨ | 87% ᠶᠢ ᠡᠵᠡᠯᠡᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯ ᠬᠦᠴᠦᠨ ᠪᠣᠯᠤᠭᠰᠠᠨ ᠪᠠᠶᠢᠨ᠎ᠠ᠃ | ᠪᠦᠲᠦᠴᠡ ᠶᠢᠨ ᠴᠢᠨᠠᠷᠲᠠᠢ ᠪᠠᠷ ᠤᠰᠤ ᠳᠤᠲᠠᠭᠳᠠᠬᠤ᠂ ᠳᠤᠰᠤᠯᠭᠠᠨ ᠤᠰᠤᠯᠠᠬᠤ ᠬᠠᠮᠢᠶᠠᠷᠤᠯᠲᠠ ᠨᠠᠷᠢᠯᠢᠭ ᠣᠨᠣᠴᠠᠲᠠᠢ | ᠪᠢᠰᠢ᠂ ᠤᠨᠠᠯᠲᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠦ ᠮᠡᠬᠦᠰᠳᠡᠬᠦ ᠵᠡᠷᠭᠡ ᠬᠦᠴᠢᠷ ᠠᠰᠠᠭᠤᠳᠠᠯ ᠢ ᠨᠢᠭᠡᠳᠦᠯᠲᠡᠢ | ᠲᠥᠯᠥᠪᠯᠡᠨ ᠰᠢᠢᠳᠪᠦᠷᠢᠯᠡᠬᠦ ᠶᠢᠨ ᠲᠥᠯᠥᠭᠡ᠂ ᠪᠥᠬᠦ ᠣᠷᠣᠨ ᠳᠤ ᠢᠰᠷᠧᠯ ᠤᠨ ᠲᠡᠷᠢᠭᠦᠨ ᠤ ᠳᠤᠰᠤᠯᠭᠠᠨ ᠤᠰᠤᠯᠠᠬᠤ | ᠮᠡᠷᠭᠡᠵᠢᠯ ᠢ ᠤᠷᠢᠳᠠᠪᠠᠷ ᠣᠷᠣᠭᠤᠯᠤᠨ ᠠᠪᠴᠢᠷᠠᠵᠤ᠂ ︽ᠡᠷᠳᠡᠨᠢ ᠰᠢᠰᠢ ᠶᠢ ᠨᠢᠭᠲᠠ ᠳᠠᠷᠢᠬᠤ + ᠬᠠᠲᠤᠨ ᠭᠤᠣᠯ ᠤᠨ | ᠤᠰᠤ ᠶᠢ ᠲᠠᠲᠠᠵᠤ ᠨᠠᠷᠢᠯᠢᠭ ᠣᠨᠣᠴᠠᠲᠠᠢ ᠪᠠᠷ ᠳᠤᠰᠤᠯᠭᠠᠨ ᠤᠰᠤᠯᠠᠬᠤ + ᠤᠰᠤ ᠪᠣᠷᠳᠣᠭᠤᠷ ᠢ ᠨᠢᠭᠡ | ᠴᠣᠭᠴᠠᠵᠢᠭᠤᠯᠬᠤ︾ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠤᠭᠰᠠᠷᠠᠵᠤ᠂ ᠵᠢᠱᠢᠶ᠎ᠡ ᠦᠵᠡᠭᠦᠯᠬᠦ ᠳᠠᠯᠠᠪᠠᠢ ᠨᠢ 2 | ᠲᠦᠮᠡᠨ ᠮᠦ ᠳᠤ ᠬᠦᠷᠴᠦ ᠂ ᠡᠷᠳᠡᠨᠢ ᠰᠢᠰᠢ ᠶᠢ ᠨᠢᠭᠲᠠ ᠳᠠᠷᠢᠬᠤ ᠲᠠᠯᠠᠪᠠᠶ ᠶᠢ 21 ᠲᠦᠮᠡᠨ ᠮᠦ ᠨᠥᠯᠥᠭᠡᠯᠡᠨ | ᠳᠠᠶᠢᠴᠢᠯᠠᠪᠠ᠃ | | | | | | ᠡᠭᠦᠨ ᠳᠤ ᠭᠤᠣᠯ ᠬᠢᠬᠦ ᠠᠷᠭ᠎ᠠ ᠨᠢ᠄ ᠨᠢᠭᠡ ᠳᠤ ᠭᠤᠷᠪᠠᠨ ᠵᠠᠩᠭᠢᠯᠠᠭ᠎ᠠ ᠶᠢ ᠰᠢᠯᠢᠳᠡᠭᠵᠢᠭᠦᠯᠵᠦ ᠂ ᠰᠢᠨᠵᠢᠯᠡᠬᠦ | ᠤᠬᠠᠭᠠᠨᠴᠢ ᠪᠠᠷ ᠨᠠᠷᠢᠯᠢᠭ ᠨᠡᠮᠡᠭᠳᠡᠭᠦᠯᠵᠦ ᠭᠠᠷᠤᠯᠲᠠ ᠪᠠᠨ ᠨᠡᠮᠡᠭᠳᠡᠭᠦᠯᠪᠡ᠃ ᠲᠤᠬᠠᠶᠢᠯᠠᠪᠠᠯ ᠲᠠᠷᠢᠮᠠᠯ ᠤᠨ ᠨᠢᠭᠲᠠᠴᠠ ᠶᠢ | ᠰᠢᠯᠢᠳᠡᠭᠵᠢᠭᠦᠯᠵᠦ᠂ ᠳ᠋ᠢᠺᠠ ᠶᠢᠨ 159 ᠵᠡᠷᠭᠡ ᠨᠢᠭᠲᠠ ᠳᠠᠭᠠᠭᠠᠮᠠᠭᠠᠢ ᠥᠨᠳᠥᠷ ᠤᠨᠠᠯᠲᠠ ᠲᠠᠢ ᠡᠭᠦᠯᠳᠡᠷ ᠢ ᠬᠡᠷᠡᠭᠯᠡᠵᠦ᠂ | ᠲᠠᠷᠢᠮᠠᠯ ᠤᠨ ᠨᠢᠭᠲᠠᠴᠠ ᠶᠢ ᠮᠦ ᠪᠦᠷᠢ ᠳᠤ 1500 ᠰᠠᠭᠤᠷᠢ ᠨᠡᠮᠡᠭᠳᠡᠭᠦᠯᠵᠦ ᠂ ᠮᠦ ᠪᠦᠷᠢ ᠳᠤ 7000 ᠰᠠᠭᠤᠷᠢ | ᠬᠦᠷᠭᠡᠪᠡ︔ ᠰᠠᠭᠤᠷᠢ ᠮᠥᠷ ᠤᠨ ᠵᠠᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ 70 ︱ 40 | ᠰᠠᠨᠲ᠋ᠢᠮᠧᠲᠷ ᠤᠨ ᠥᠷᠭᠡᠨ ᠨᠠᠷᠢᠨ ᠮᠥᠷ ᠢ ᠬᠡᠷᠡᠭᠯᠡᠨ᠂ ᠥᠨᠳᠥᠷ ᠨᠢᠭᠲᠠᠴᠠ ᠲᠠᠢ ᠲᠠᠷᠢᠮᠠᠯ ᠤᠨ ᠰᠠᠯᠬᠢ ᠨᠡᠪᠲᠡᠷᠡᠬᠦ | ᠴᠢᠨᠠᠷ ᠢ ᠪᠠᠲᠤᠯᠠᠪᠠ︔ ᠲᠠᠷᠢᠯᠭ᠎ᠠ ᠶᠢᠨ ᠮᠠᠰᠢᠨ ᠢ ᠰᠢᠯᠢᠳᠡᠭᠵᠢᠭᠦᠯᠵᠦ᠂ ᠵᠢᠢ ᠬᠠᠤ ᠱᠢ ᠵᠡᠷᠭᠡ ᠲᠡᠷᠢᠭᠦᠨ ᠤ | ᠲᠠᠷᠢᠯᠭ᠎ᠠ ᠶᠢᠨ ᠮᠠᠰᠢᠨ ᠢ ᠬᠡᠷᠡᠭᠯᠡᠨ᠂ ᠲᠠᠷᠢᠯᠭ᠎ᠠ ᠶᠢᠨ ᠭᠦᠨ ᠤ ᠬᠡᠮᠵᠢᠶ᠎ᠡ ᠪᠠ ᠰᠠᠭᠤᠷᠢ ᠶᠢᠨ ᠵᠠᠢ ᠶᠢᠨ ᠬᠤᠣᠰ ᠵᠢᠭᠳᠡ | ᠪᠠᠶᠢᠬᠤ ᠶᠢ ᠪᠠᠲᠤᠯᠠᠵᠤ᠂ ᠴᠢᠬᠢ ᠬᠠᠮᠠᠭᠠᠯᠠᠬᠤ ᠨᠣᠷᠮ᠎ᠠ ᠶᠢ 4.5% ᠪᠠᠷ ᠳᠡᠭᠡᠭᠰᠢᠯᠡᠭᠦᠯᠪᠡ᠃ ᠬᠤᠶᠠᠷ ᠲᠤ ᠬᠤᠶᠠᠷ | ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠰᠤ ᠪᠣᠷᠳᠣᠭᠤᠷ ᠢ ᠨᠠᠷᠢᠯᠢᠭ ᠣᠨᠤᠪᠴᠢᠲᠠᠢ ᠡᠵᠡᠮᠳᠡᠪᠡ᠃ ᠢᠰᠷᠧᠯ ᠤᠨ | ᠨᠠᠶᠢᠲᠹᠢᠮᠦ᠋ ᠶᠢᠨ ᠣᠯᠠᠨ ᠤᠯᠤᠰ ᠤᠨ ᠬᠤᠰᠢᠭᠤᠷᠠᠯ ᠪᠠᠭ᠎ᠠ ᠤᠷᠤᠰᠴᠠ ᠶᠢᠨ ᠳᠤᠰᠤᠯᠭᠠᠨ ᠤᠰᠤᠯᠠᠬᠤ ᠮᠡᠷᠭᠡᠵᠢᠯ ᠢ | ᠣᠷᠣᠭᠤᠯᠤᠨ ᠠᠪᠴᠢᠷᠠᠵᠤ᠂ ᠬᠠᠲᠤᠨ ᠭᠤᠣᠯ ᠤᠨ ᠤᠰᠤᠨ ᠤ ᠤᠰᠤ ᠬᠠᠳᠠᠭᠠᠯᠠᠬᠤ ᠤᠰᠤ ᠱᠦᠭᠦᠵᠦ ᠨᠥᠬᠦᠵᠦ | ᠤᠰᠤᠯᠠᠬᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠢᠵᠢ ᠪᠦᠷᠢᠳᠦᠭᠦᠯᠦᠨ᠂ ᠲᠤᠬᠠᠢ ᠶᠢᠨ ᠭᠠᠵᠠᠷ ᠤᠨ | ᠤᠯᠠᠮᠵᠢᠯᠠᠯᠲᠤ ᠳᠤᠰᠤᠯᠭᠠᠨ ᠤᠰᠤᠯᠠᠬᠤ ᠮᠡᠷᠭᠡᠵᠢᠯ ᠢ ᠣᠷᠣᠯᠠᠭᠤᠯᠵᠤ᠂ 300 ᠮᠧᠲᠷ ᠤᠨ ᠣᠷᠳᠣ ᠭᠠᠵᠠᠷ ᠲᠤ | ᠳᠤᠰᠤᠯᠭᠠᠨ ᠤᠰᠤᠯᠠᠭᠠᠳ ᠤᠰᠤᠨ ᠤ ᠤᠷᠤᠰᠴᠠ ᠶᠢ ᠪᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠮᠦ | ᠪᠦᠷᠢ ᠳᠤ 150 ᠲᠣᠨ ᠤᠰᠤ ᠠᠷᠪᠢᠯᠠᠵᠤ᠂ ᠨᠠᠷᠢᠯᠢᠭ ᠣᠨᠣᠴᠠᠲᠠᠢ ᠪᠠᠷ ᠤᠰᠤ ᠬᠡᠷᠡᠭᠯᠡᠬᠦ ᠪᠠᠷᠢᠮᠵᠢᠶ᠎ᠠ ᠶᠢ | ᠳᠡᠭᠡᠭᠰᠢᠯᠡᠭᠦᠯᠪᠡ᠃ ᠤᠰᠤ ᠪᠣᠷᠳᠣᠭᠤᠷ ᠤᠨ ᠬᠠᠮᠢᠶᠠᠷᠤᠯᠲᠠ ᠶᠢᠨ ᠶᠠᠪᠤᠴᠠ ᠳᠤ ᠳᠤᠮᠳᠠᠳᠤ ᠤᠯᠤᠰ ᠤᠨ ᠬᠢᠮᠢ ᠶᠢᠨ | MAP ᠵᠠᠭᠪᠤᠷ ᠢ ᠬᠡᠷᠡᠭᠯᠡᠨ᠂ ᠴᠢᠭᠢᠭ ᠤᠨ ᠪᠠᠶᠢᠳᠠᠯ᠂ ᠴᠠᠭ ᠠᠭᠤᠷ᠂ ᠠᠯᠤᠰ ᠰᠡᠷᠡᠯ ᠵᠡᠷᠭᠡ ᠬᠢᠨᠠᠨ ᠬᠡᠮᠵᠢᠯᠲᠡ ᠶᠢᠨ | ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠤᠨ ᠬᠡᠷᠡᠭᠯᠡᠵᠦ᠂ ᠣᠶᠤᠨᠴᠢ ᠲᠠᠷᠢᠶᠠᠯᠠᠩ ᠤᠨ ᠡᠵᠡᠮᠳᠡᠯ ᠤᠨ ᠰᠢᠰᠲ᠋ᠧᠮ ᠢ | ᠠᠰᠢᠭᠯᠠᠨ᠂ ᠪᠦᠬᠦᠶᠢᠯᠡ ᠦᠷᠡᠵᠢᠯ ᠤᠨ ᠬᠤᠭᠤᠴᠠᠭᠠᠨ ᠳᠤ ᠪᠠᠭ᠎ᠠ ᠬᠡᠮᠵᠢᠶ᠎ᠡ ᠪᠠᠷ 10 ︱ 12 ᠤᠳᠠᠭ᠎ᠠ ᠪᠣᠷᠳᠣᠭᠤᠷ | ᠨᠡᠮᠡᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠤᠯᠠᠮᠵᠢᠯᠠᠯᠲᠤ ᠮᠡᠷᠭᠡᠵᠢᠯ ᠠᠴᠠ 6 ︱ 8 ᠤᠳᠠᠭ᠎ᠠ | ᠨᠡᠮᠡᠭᠳᠡᠭᠦᠯᠵᠦ᠂ ᠪᠣᠷᠳᠣᠭᠤᠷ ᠬᠡᠷᠡᠭᠯᠡᠬᠦ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ ᠭᠤᠷᠪᠠ ᠳᠤ ᠬᠤᠶᠠᠷ ᠢᠵᠢ | ᠲᠣᠭᠲᠠᠴᠠ ᠶᠢ ᠪᠠᠶᠢᠭᠤᠯᠵᠤ ᠂ ᠳᠡᠯᠭᠡᠷᠡᠭᠦᠯᠦᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠪᠠ᠃ ᠣᠷᠳᠣᠰ ᠬᠤᠳᠠ | ᠨᠢ ᠲᠣᠰ ᠲᠥᠷᠥᠯ ᠤᠨ ᠮᠡᠷᠭᠡᠵᠢᠯ ᠢ ᠳᠡᠯᠭᠡᠷᠡᠭᠦᠯᠬᠦ ᠶᠢ ᠲᠦᠯᠬᠢᠨ ᠠᠬᠢᠭᠤᠯᠬᠤ ᠶᠠᠪᠤᠴᠠ ᠳᠤ᠂ ᠡᠷᠳᠡᠨᠢ ᠰᠢᠰᠢ ᠶᠢ | ᠨᠢᠭᠲᠠ ᠳᠠᠷᠢᠬᠤ ᠬᠡᠷᠡᠭᠵᠢᠭᠦᠯᠬᠦ ᠲᠥᠰᠥᠯ ᠪᠠ ᠮᠡᠷᠭᠡᠵᠢᠯ ᠤᠨ ᠲᠥᠰᠥᠯ ᠢ ᠲᠣᠭᠲᠠᠭᠠᠵᠤ᠂ ᠡᠷᠳᠡᠨᠢ ᠰᠢᠰᠢ ᠶᠢ ᠨᠢᠭᠲᠠ | ᠳᠠᠷᠢᠬᠤ ᠠᠵᠢᠯ ᠤᠨ ᠲᠤᠰᠬᠠᠢ ᠠᠩᠭᠢ ᠶᠢ ᠪᠠᠶᠢᠭᠤᠯᠤᠨ᠂ ᠡᠷᠳᠡᠨᠢ ᠰᠢᠰᠢ ᠶᠢ ᠨᠢᠭᠲᠠ ᠳᠠᠷᠢᠬᠤ ᠲᠤᠰᠬᠠᠢ | ᠮᠡᠷᠭᠡᠵᠢᠯᠲᠡᠨ ᠤ ᠮᠡᠷᠭᠡᠵᠢᠯ ᠤᠨ ᠵᠢᠯᠤᠭᠤᠳᠤᠯᠭ᠎ᠠ ᠶᠢᠨ ᠳᠤᠭᠤᠶᠢᠯᠠᠩ ᠢ ᠪᠠᠶᠢᠭᠤᠯᠵᠤ᠂ ᠬᠤᠶᠠᠷ ᠢᠵᠢ ᠠᠵᠢᠯ ᠤᠨ | ᠲᠣᠭᠲᠠᠴᠠ ᠶᠢ ᠪᠦᠷᠢᠯᠳᠦᠭᠦᠯᠪᠡ᠃ ᠡᠭᠦᠨ ᠤ ᠬᠠᠮᠲᠤ᠂ ᠣᠷᠳᠣᠰ ᠬᠤᠲᠠ ᠶᠢᠨ ᠡᠳ᠋ ᠤᠨ ᠵᠠᠰᠠᠭ ᠠᠴᠠ 8000 | ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠨᠢᠭᠲᠠ ᠳᠠᠷᠢᠵᠤ ᠥᠨᠳᠥᠷ ᠤᠨᠠᠯᠲᠠ ᠲᠠᠢ᠂ ᠤᠰᠤ ᠠᠷᠪᠢᠯᠠᠵᠤ | ᠠᠮᠢ ᠠᠬᠤᠢ ᠶᠢ ᠬᠠᠮᠠᠭᠠᠯᠠᠬᠤ ᠂ ᠪᠣᠷᠳᠣᠭᠤᠷ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠶᠤᠨᠴᠢ | ᠪᠥᠭᠡᠳ ᠥᠨᠳᠥᠷ ᠦᠷ᠎ᠡ ᠠᠰᠢᠭ ᠲᠠᠢ︾ ᠳᠥᠷᠪᠡ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ 2 ᠥᠯᠢᠭᠡᠷ | ᠳᠠᠭᠤᠷᠢᠶᠠᠯ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠲᠣᠰ ᠲᠥᠷᠥᠯ ᠤᠨ ᠮᠡᠷᠭᠡᠵᠢᠯ ᠤᠨ ᠬᠡᠷᠡᠭᠯᠡᠯᠲᠡ | ᠳᠡᠯᠭᠡᠷᠡᠭᠦᠯᠦᠯᠲᠡ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠣᠷᠣᠨ ᠳᠤ ︽ᠳᠥᠷᠪᠡ ᠶᠢ | ᠬᠢᠵᠠᠭᠠᠷᠯᠠᠵᠤ ᠳᠥᠷᠪᠡ ᠶᠢ ᠳᠡᠭᠡᠭᠰᠢᠯᠡᠭᠦᠯᠵᠦ ᠬᠤᠶᠠᠷ ᠢ ᠨᠡᠮᠡᠭᠳᠡᠭᠦᠯᠬᠦ︾ ᠶᠡᠷᠦᠩᠬᠡᠶᠢᠯᠡᠭᠰᠡᠨ ᠦᠷ᠎ᠡ ᠠᠰᠢᠭ ᠢ | ᠪᠡᠶᠡᠯᠡᠭᠦᠯᠪᠡ᠂ ᠲᠤᠬᠠᠶᠢᠯᠠᠪᠠᠯ᠄ ᠮᠦ ᠪᠦᠷᠢ ᠳᠤ ᠡᠩ ᠤᠨ ᠳᠤᠰᠤᠯᠭᠠᠨ ᠤᠰᠤᠯᠠᠬᠤ ᠤᠰᠤ ᠶᠢ 35% ᠪᠠᠷ ᠠᠷᠪᠢᠯᠠᠬᠤ᠂ | 18% ᠪᠠᠷ ᠪᠣᠷᠳᠣᠭᠤᠷ ᠬᠢᠵᠠᠭᠠᠷᠯᠠᠬᠤ᠂ 20% ᠪᠠᠷ ᠡᠮ ᠬᠢᠵᠠᠭᠠᠷᠯᠠᠬᠤ᠂ 100% ᠪᠠᠷ ᠪᠦᠷᠬᠦᠭᠦᠯ | ᠬᠢᠵᠠᠭᠠᠷᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠢ 0.5 ᠲᠠᠰ ᠳᠡᠭᠡᠭᠰᠢᠯᠡᠭᠦᠯᠵᠦ᠂ ᠮᠧᠬᠠᠨᠢᠭᠵᠢᠭᠤᠯᠤᠨ | ᠠᠵᠢᠯᠯᠠᠬᠤ ᠨᠣᠷᠮ᠎ᠠ ᠶᠢ 10% ᠪᠠᠷ ᠳᠡᠭᠡᠭᠰᠢᠯᠡᠭᠦᠯᠦᠨ᠂ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠪᠠᠷ | ᠳᠡᠭᠡᠭᠰᠢᠯᠡᠭᠦᠯᠵᠦ᠂ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ 28% ᠪᠠᠷ ᠳᠡᠭᠡᠭᠰᠢᠯᠡᠭᠦᠯᠦᠨ᠂ ᠮᠦ | ᠪᠦᠷᠢ ᠳᠤ ᠳᠤᠮᠳᠠᠴᠢ ᠪᠠᠷ 100 ᠺᠢᠯᠣᠭ᠍ᠷᠠᠮ ᠨᠡᠮᠡᠭᠳᠡᠭᠦᠯᠵᠦ᠂ ᠮᠦ ᠪᠦᠷᠢ ᠳᠤ ᠳᠤᠮᠳᠠᠴᠢ ᠪᠠᠷ 300 ᠲᠥᠭᠦᠷᠢᠭ | ᠨᠡᠮᠡᠭᠳᠡᠭᠦᠯᠪᠡ᠃ ᠢᠷᠡᠭᠡᠳᠦᠢ ᠳᠤ ᠲᠣᠰ ᠵᠠᠭᠪᠤᠷ ᠢ ᠮᠠᠨ ᠤ ᠣᠷᠣᠨ ᠤ ᠵᠣᠬᠢᠬᠤ ᠨᠥᠬᠦᠴᠡᠯ ᠲᠠᠢ ᠭᠠᠵᠠᠷ ᠣᠷᠣᠨ ᠳᠤ | ᠪᠣᠳᠠᠲᠠᠢ ᠲᠠᠢ ᠪᠠᠨ ᠤᠶᠠᠯᠳᠤᠭᠤᠯᠤᠨ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃ | | | | |