ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠠᠨ ᠤ ᠤᠷᠤᠨ ᠳᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠳᠠᠨᠠᠬᠢ ᠤᠷᠭᠤᠮᠠᠯ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠱᠠᠲᠤᠴᠢ ᠴᠢᠨᠠᠷᠲᠠᠶ ᠰᠢᠯᠭᠠᠨ ᠪᠠᠶᠢᠴᠠᠭᠠᠯᠲᠠ ᠬᠢᠯ᠎ᠡ
ᠨᠡᠶᠢᠲᠡᠯᠡᠭᠰᠡᠨ ᠴᠠᠭ᠄
2023/8/29
      ᠲᠦᠷᠦᠭᠦᠬᠡᠨ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠵᠤ ᠰᠢᠯᠭᠠᠨ ᠠᠪᠬᠤ ᠳᠤᠭᠤᠶᠢᠯᠠᠩ ᠮᠠᠨ ᠤ ᠣᠷᠣᠨ ᠤ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ᠂ ᠤᠷᠠᠳ ᠤᠨ ᠡᠮᠦᠨᠡᠲᠦ ᠬᠤᠰᠢᠭᠤ ᠂ ᠤᠷᠠᠳ ᠤᠨ ᠳᠤᠮᠳᠠᠳᠤ ᠬᠤᠰᠢᠭᠤᠨ ᠳᠤ ᠬᠦᠷᠴᠦ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠳᠠᠨᠠᠬᠢ ᠤᠷᠭᠤᠮᠠᠯ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠱᠠᠲᠤᠴᠢ ᠴᠢᠨᠠᠷᠲᠠᠶ ᠰᠢᠯᠭᠠᠨ ᠠᠪᠬᠤ ᠪᠠ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠣᠷᠣᠨ ᠳᠠᠬᠢ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠯᠲᠡ ᠶᠢ ᠰᠡᠷᠭᠡᠶᠢᠯᠡᠨ ᠵᠠᠰᠠᠬᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠪᠡ᠃      ᠪᠠᠶᠢᠴᠠᠭᠠᠨ ᠰᠤᠳᠤᠯᠵᠤ ᠰᠢᠯᠭᠠᠨ ᠠᠪᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠤᠰᠬᠤ ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠦᠬᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠲᠤ ᠭᠠᠳᠠᠨᠠᠬᠢ ᠤᠷᠭᠤᠮᠠᠯ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠰᠡᠳᠭᠢᠴᠡ ᠪᠠ ᠠᠷᠭ᠎ᠠ ᠬᠢᠳᠡᠯ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠂ ᠭᠠᠳᠠᠨᠠᠬᠢ ᠤᠷᠭᠤᠮᠠᠯ ᠤᠨ ᠳᠦᠷᠰᠦ ᠶᠢᠨ ᠲᠥᠷᠥᠯ ᠵᠦᠢᠯ ᠵᠢᠴᠢ ᠲᠠᠷᠬᠠᠯᠲᠠ᠂ ᠳᠠᠷᠠᠭᠠᠴᠢ ᠶᠢᠨ ᠠᠯᠬᠤᠮ ᠤᠨ ᠪᠣᠳᠠᠲᠠᠶ ᠲᠥᠯᠥᠪᠯᠡᠭᠡ ᠵᠡᠷᠭᠡ ᠶᠢ ᠨᠠᠷᠢᠨ ᠣᠶᠢᠯᠠᠭᠠᠪᠠ ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠲᠤ ᠭᠠᠳᠠᠨᠠᠬᠢ ᠤᠷᠭᠤᠮᠠᠯ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠪᠠ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠣᠷᠤᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠰᠠᠨᠠᠭᠤᠯᠭ᠎ᠠ ᠳᠤᠷᠠᠳᠬᠤ ᠶᠢᠨ ᠬᠠᠮᠲᠤ ᠮᠠᠨ ᠤ ᠣᠷᠣᠨ ᠢ ᠴᠠᠭ ᠬᠤᠭᠤᠴᠠᠭ᠎ᠠ ᠶᠢ ᠠᠮᠵᠢᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠂ ᠭᠠᠳᠠᠨᠠᠬᠢ ᠤᠷᠭᠤᠮᠠᠯ ᠤᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠪᠠᠲᠤᠯᠠᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠠ ᠮᠡᠳᠡᠭᠦᠯᠦᠨ ᠬᠦᠷᠭᠡᠬᠦ ᠶᠢ ᠰᠠᠶᠢᠳᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃ ᠡᠭᠦᠨ ᠠᠴᠠ ᠭᠠᠳᠠᠨ᠎ᠠ ᠪᠠᠶᠢᠴᠠᠭᠠᠨ ᠰᠤᠳᠤᠯᠵᠤ ᠰᠢᠯᠭᠠᠨ ᠠᠪᠬᠤ ᠳᠤᠭᠤᠶᠢᠯᠠᠩ ᠤᠨ ᠬᠢᠨ ᠪᠠᠰᠠ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠣᠯᠳᠠᠯᠭ᠎ᠠ  ᠲᠠᠢ ᠭᠠᠵᠠᠷ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠯᠲᠡ ᠶᠢᠨ ᠲᠥᠷᠥᠯ ᠵᠦᠢᠯ ᠂ ᠡᠭᠦᠰᠦᠯᠲᠡ ᠶᠢᠨ ᠬᠡᠮᠵᠢᠶ᠎ᠡ ᠪᠠ ᠰᠡᠷᠭᠡᠶᠢᠯᠡᠨ ᠵᠠᠰᠠᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ ᠂ ᠮᠠᠨ ᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢᠨ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠣᠷᠣᠨ ᠤ ᠪᠥᠲᠥᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢ ᠵᠣᠷᠢᠭᠵᠢᠭᠤᠯᠬᠤ ᠶᠢᠨ ᠬᠠᠮᠲᠤ ᠬᠤᠶᠢᠰᠢᠲᠠ ᠣᠲᠣ ᠶᠢᠨ ᠪᠠᠶᠢᠭ᠎ᠠ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠳᠤ ᠪᠣᠳᠠᠲᠠᠶ ᠱᠠᠭᠠᠷᠳᠠᠯᠭ᠎ᠠ ᠪᠠ ᠨᠠᠶᠢᠳᠠᠪᠤᠷᠢᠵᠢᠭᠤᠯᠬᠤ ᠠᠷᠭ᠎ᠠ ᠶᠢ ᠳᠤᠷᠠᠳᠤᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号