ᠵᠢᠱᠢᠶ᠎ᠡ ᠦᠵᠡᠭᠦᠯᠬᠦ ᠰᠠᠭᠤᠷᠢᠨ ᠤ ᠤᠷᠭᠤᠯᠲᠠ ᠶᠢᠨ ᠪᠠᠶᠢᠳᠠᠯ ᠬᠥᠮᠥᠨ ᠢ ᠪᠠᠶᠠᠷᠯᠠᠭᠤᠯᠤᠨ᠎ᠠ ---- ᠪᠤᠭᠤᠲᠤ ᠬᠤᠳᠠ ᠶᠢᠨ ᠬᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/8/3
      ᠲᠦᠮᠡᠳ ᠪᠠᠷᠠᠭᠤᠨ ᠬᠤᠰᠢᠭᠤᠨ ᠤ ᠭᠧᠦ ᠮᠧᠨ ᠪᠠᠯᠭᠠᠰᠤᠨ ᠤ ᠸᠧᠢ ᠵᠢᠶᠦ᠋ᠨ ᠲᠣᠰᠬᠤᠨ ᠤ ᠵᠢᠶᠠ ᠴᠤᠸᠠᠩ ᠲᠠᠷᠢᠶᠠᠴᠢᠨ ᠤ ᠲᠤᠰᠬᠠᠢ ᠬᠤᠷᠰᠢᠶ᠎ᠠ ᠳᠤ᠂ ᠮᠦᠷ ᠮᠦᠷ ᠢᠶᠠᠷ ᠵᠢᠭᠳᠡᠷᠡᠭᠰᠰᠡᠨ ᠡᠷᠳᠡᠨᠢ ᠰᠢᠰᠢ᠂ ᠪᠤᠭᠤᠳᠠᠢ  ᠶᠢᠨ ᠳᠠᠷᠢᠶᠠᠨ ᠳᠤ ᠰᠠᠯᠬᠢᠨ ᠤ ᠠᠶ᠎ᠠ ᠪᠠᠷ ᠨᠣᠭᠤᠭᠠᠨ ᠳᠠᠯᠠᠶ ᠠᠯᠲᠠᠨ ᠰᠢᠷᠭᠠᠯ ᠳᠠᠪᠠᠯᠭᠠᠨ  ᠳᠠᠪᠠᠯᠭᠠᠯᠠᠨ᠎ᠠ ᠃  ︽ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠳᠡᠮᠵᠢᠯᠭᠡ ᠳᠣᠣᠷ᠎ᠠ ᠂ ᠡᠨᠡ ᠵᠢᠯ ᠡᠷᠳᠡᠨᠢ ᠰᠢᠰᠢ ᠪᠤᠭᠤᠳᠠᠢ ᠶᠢ ᠠᠯᠠᠭᠯᠠᠨ ᠲᠠᠷᠢᠵᠦ ᠲᠠᠬᠢᠨ ᠨᠣᠬᠠᠢ ᠶᠢᠨ ᠬᠤᠰᠢᠭᠤ ᠲᠠᠷᠢᠬᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠢ  ᠭᠡᠷᠡᠭᠯᠡᠪᠡ ᠂ ᠪᠤᠭᠤᠳᠠᠢ ᠶᠢ ᠰᠠᠶ᠋ᠢᠬᠠᠨ ᠬᠤᠷᠢᠶᠠᠵᠤ ᠂ ᠮᠦ ᠪᠦᠷᠢ  ᠠᠴᠠ 731 ᠵᠢᠩ ᠬᠤᠷᠢᠶᠠᠪᠠ ᠂ ᠳᠠᠷᠠᠭ᠎ᠠ ᠭᠠᠷᠠᠭ ᠲᠤ ᠲᠠᠬᠢᠨ ᠨᠣᠬᠠᠢ ᠶᠢᠨ ᠬᠤᠰᠢᠭᠤ ᠶᠢᠨ ᠡᠪᠡᠰᠦ ᠲᠠᠷᠢᠪᠠᠯ ᠮᠠᠨ ᠤ ᠡᠨᠡ ᠨᠢᠭᠡ ᠮᠦ ᠭᠠᠵᠠᠷ ᠲᠤ ᠭᠤᠷᠪᠠ ᠤᠳᠠᠭ᠎ᠠ ᠡᠯᠪᠡᠭ ᠬᠤᠷᠢᠶᠠᠯᠲᠠ ᠣᠯᠵᠤ ᠴᠢᠳᠠᠨ᠎ᠠ ︕ ᠡᠷᠳᠡᠨᠢ ᠰᠢᠰᠢ ᠂ ᠪᠤᠭᠤᠳᠠᠢ ᠂ ᠨᠣᠬᠠᠢ ᠶᠢᠨ ᠬᠤᠰᠢᠭᠤ ᠶᠢᠨ ᠶᠡᠷᠦᠩᠬᠡᠢ ᠠᠰᠢᠭ ᠣᠷᠣᠯᠭ᠎ᠠ ᠨᠢ ᠵᠦᠪᠬᠡᠨ ᠡᠷᠳᠡᠨᠢ ᠰᠢᠰᠢ  ᠶᠢ ᠪᠤᠳᠤᠪᠠᠯ ᠮᠦ ᠪᠦᠷᠢ ᠠᠴᠠ 1000 ᠲᠥᠭᠦᠷᠢᠭ ᠢᠯᠡᠭᠦᠦ ᠪᠣᠯᠣᠨ᠎ᠠ ︾ ᠭᠡᠵᠦ ᠬᠤᠷᠰᠢᠶ᠎ᠠ ᠶᠢᠨ ᠬᠠᠷᠢᠭᠤᠴᠠᠯᠭᠠᠲᠠᠨ ᠵᠤᠤ ᠭᠤᠸᠠᠩ  ᠬᠦᠭᠰᠡᠵᠦ ᠪᠠᠶᠢᠯ᠎ᠠ ᠃
图片1.png
      ᠭᠦᠶᠠᠩ ᠰᠢᠶᠠᠨ ᠤ ᠬᠤᠸᠠᠢ ᠱᠦᠸᠧ ᠪᠠᠯᠭᠠᠰᠤᠨ ᠤ ᠯᠣᠣ ᠶᠢᠨ ᠫᠠᠨ ᠲᠣᠰᠬᠤᠨ ᠳᠤ᠂ ᠨᠢᠭᠡ ᠬᠡᠰᠡᠭ ᠰᠢᠯᠢᠮᠳᠡᠭ ᠤᠨ ᠴᠡᠴᠡᠭ ᠡᠬᠡ ᠭᠠᠵᠠᠷ ᠲᠤ ᠨᠢᠭᠡᠨ ᠳᠠᠪᠬᠤᠷ ᠠᠯᠲᠠᠨ ᠰᠢᠷᠭᠠᠯ ᠬᠡᠪᠢᠰ ᠳᠡᠪᠢᠰᠴᠦ᠂ ᠭᠦᠶᠠᠩ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠤᠸ ᠵᠢᠶᠦ᠋ᠨ ᠮᠣᠣ ᠬᠡᠯᠡᠬᠦ ᠳᠡᠭᠡᠨ᠄ ︽ᠡᠨᠡ ᠵᠢᠯ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠳᠡᠮᠵᠢᠯᠭᠡ ᠳᠣᠣᠷ᠎ᠠ᠂ ᠪᠢᠳᠡ ᠰᠢᠨ᠎ᠡ ᠰᠢᠯᠢᠮᠳᠡᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠮᠠᠨ ᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠥᠷᠭᠡᠨ ᠪᠦᠷᠬᠦᠪᠴᠢᠳᠦ ᠭᠤᠸ ᠳᠠᠳᠠᠵᠤ ᠳᠠᠷᠢᠬᠤ ᠰᠢᠨ᠎ᠡ ᠬᠡᠯᠪᠡᠷᠢ ᠶᠢᠨ ᠮᠠᠰᠢᠨ ᠮᠧᠬᠠᠨᠢᠭ ᠤᠨ ᠲᠤᠰᠬᠠᠢ ᠠᠰᠢᠭ ᠤᠨ ᠮᠡᠷᠭᠡᠵᠢᠯ ᠢ ᠭᠡᠷᠡᠭᠯᠡᠭᠰᠡᠨ ᠠᠴᠠ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨᠠᠯᠳᠠ  ᠨᠢ ᠡᠷᠬᠢᠨ ᠲᠣᠭᠤᠷᠢᠨ ᠤ ᠲᠠᠷᠢᠶᠠᠨ ᠭᠠᠵᠠᠷ ᠤᠨ ᠮᠦ ᠪᠦᠷᠢ ᠠᠴᠠ ᠨᠠᠭᠠᠲᠤ ᠵᠠᠬ᠎ᠠ ᠳᠠᠭᠠᠨ 40% ᠪᠠᠷ ᠨᠡᠮᠡᠭᠳᠡᠪᠡ︕ ᠮᠠᠰᠢ ᠣᠯᠠᠨ ᠲᠠᠷᠢᠶᠠᠴᠢᠨ ᠡᠷᠦᠬᠡ ᠪᠢᠳᠡᠨ ᠠᠴᠠ ᠲᠠ ᠨᠠᠷ  ᠢ ᠶᠠᠭᠠᠬᠢᠵᠤ ᠳᠠᠷᠢᠭᠰᠠᠨ ᠪᠣᠶ ᠭᠡᠵᠦ ᠠᠰᠠᠭᠤᠵᠤ ᠯᠠ ᠪᠠᠶᠢᠯ᠎ᠠ ᠂ ᠪᠢᠳᠡᠨ ᠤ ᠡᠷᠭᠢᠯᠡᠭᠰᠡᠨ ᠪᠣᠯᠪᠠᠰᠤᠷᠠᠯ ᠤᠨ ᠦᠵᠡᠭᠦᠯᠦᠯᠭᠡ   ᠶᠢᠨ ᠴᠤᠭᠯᠠᠭᠠᠨ  ᠳᠤ ᠣᠶᠢᠷ᠎ᠠ ᠬᠠᠪᠢ   ᠶᠢᠨ ᠲᠠᠷᠢᠶᠠᠴᠢᠨ ᠡᠷᠦᠬᠡ ᠴᠥᠮ ᠢᠷᠠᠵᠦ ᠴᠢᠷᠮᠠᠶᠢᠨ ᠰᠤᠷᠤᠯᠴᠠᠵᠤ ᠪᠠᠶᠢᠨ᠎ᠠ ︕ ︾ ᠭᠡᠵᠦ ᠪᠠᠶᠢᠪᠠ ᠃
图片2.png
      ᠪᠤᠭᠤᠲᠤ ᠬᠤᠳᠠ ᠶᠢᠨ ᠲᠠᠷᠢᠶᠠᠨ ᠭᠠᠵᠠᠷ ᠤᠨ ᠲᠠᠯᠠᠪᠠᠢ ᠪᠠᠭ᠎ᠠ ᠂ ︽ ᠨᠠᠷᠢᠯᠢᠭ᠂ ᠬᠦᠴᠦᠷᠬᠡᠭ ᠂ ᠰᠢᠯᠢᠳᠡᠭ ︾  ᠨᠢ ᠪᠤᠭᠤᠲᠤ ᠬᠤᠳᠠ ᠶᠢᠨ ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠪᠣᠯᠪᠠ ᠃ ᠪᠤᠭᠤᠲᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ  ᠶᠢ ᠲᠦᠷᠭᠡᠨ ᠠᠬᠢᠭᠤᠯᠬᠤ ᠶᠢᠨ ᠲᠥᠯᠥᠭᠡ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ 2023 ᠣᠨ ᠳᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ 120 ᠲᠦᠮᠡᠨ ᠲᠥᠭᠦᠷᠢᠭ ᠣᠯᠵᠤ᠂ ᠲᠦᠮᠡᠳ ᠪᠠᠷᠠᠭᠤᠨ ᠬᠤᠰᠢᠭᠤ᠂ ᠭᠦᠶᠠᠩ ᠰᠢᠶᠠᠨ᠂ ᠵᠢᠤᠶᠤᠸᠠᠨ ᠲᠣᠭᠤᠷᠢᠭ ᠲᠤ ᠡᠷᠳᠡᠨᠢ ᠰᠢᠰᠢ᠂ ᠰᠢᠯᠢᠮᠳᠡᠭ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠣᠰ ᠲᠣᠰ ᠡᠭᠦᠳᠦᠨ ᠪᠠᠶᠢᠭᠤᠯᠪᠠ᠃ ᠲᠥᠷᠥᠯ ᠵᠦᠢᠯ ᠤᠨ ᠲᠣᠭᠤᠷᠢᠭ ᠨᠢᠭᠡᠪᠦᠷᠢ ᠳᠤ ᠮᠡᠷᠭᠡᠵᠢᠯ ᠤᠨ ᠪᠣᠭᠤᠮᠲᠠ ᠰᠢᠪᠲᠤᠯᠬᠤ ᠲᠣᠭᠤᠷᠢᠭ᠂ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠶᠢᠨ ᠲᠣᠭᠤᠷᠢᠭ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠣᠭᠤᠷᠢᠭ ᠭᠡᠵᠦ ︽ᠭᠤᠷᠪᠠᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ  ᠶᠢ ᠲᠥᠪᠯᠡᠷᠡᠭᠦᠯᠦᠨ ᠪᠠᠶᠢᠭᠤᠯᠵᠤ᠂ ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ ᠂ ᠰᠢᠨ᠎ᠡ ᠮᠡᠷᠭᠡᠵᠢᠯ ᠢ ᠲᠤᠷᠰᠢᠵᠤ ᠂ ᠰᠢᠨ᠎ᠡ ᠵᠠᠭᠪᠤᠷ ᠢ ᠳᠡᠯᠭᠡᠨ ᠦᠵᠡᠭᠦᠯᠵᠦ ᠂ ᠲᠦᠷᠦᠯ ᠵᠦᠢᠯ ᠤᠨ ᠵᠢᠱᠢᠶ᠎ᠡ ᠦᠵᠡᠭᠦᠯᠬᠦ ᠣᠷᠣᠨ ᠤ ᠮᠦ ᠪᠦᠷᠢ ᠶᠢᠨ ᠳᠤᠮᠳᠠᠴᠢ ᠬᠢᠮᠢ ᠶᠢᠨ ᠪᠣᠷᠳᠣᠭᠤᠷ ᠂ ᠲᠠᠷᠢᠶᠠᠨ ᠡᠮ ᠂ ᠰᠦᠯᠢᠶᠥᠦ ᠪᠦᠷᠬᠦᠪᠴᠢ ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠬᠡᠮᠵᠢᠶ᠎ᠡ ᠶᠢ ᠲᠦᠷᠦᠯ ᠵᠦᠢᠯ ᠤᠨ ᠪᠤᠰᠤ ᠣᠷᠣᠨ ᠤ ᠬᠢ ᠠᠴᠠ 10% ᠪᠠᠷ ᠪᠠᠭᠠᠰᠬᠠᠵᠤ ᠂ ᠥᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ 5% ᠪᠠᠷ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ ᠂ ᠬᠠᠮᠤᠭ ᠡᠴᠦᠰ ᠲᠤ ︽ ᠲᠠᠪᠤ ᠶᠢ ᠨᠢᠭᠡᠳᠬᠡᠵᠦ ᠳᠥᠷᠪᠡ ᠶᠢ ᠬᠢᠵᠠᠭᠠᠷᠯᠠᠵᠤ ᠭᠤᠷᠪᠠ ᠶᠢ ᠳᠡᠭᠡᠭᠰᠢᠯᠡᠭᠦᠯᠵᠦ ᠬᠤᠶᠠᠷ ᠢ ᠨᠡᠮᠡᠭᠳᠡᠭᠦᠯᠬᠦ ︾  ᠶᠢ ᠪᠡᠶᠡᠯᠡᠭᠦᠯᠵᠦ ᠂ ︽ ᠨᠠᠷᠢᠯᠢᠭ᠂ ᠬᠦᠴᠦᠷᠬᠡᠭ ᠂ ᠰᠢᠯᠢᠳᠡᠭ︾ ᠵᠢᠱᠢᠶ᠎ᠡ ᠦᠵᠡᠭᠦᠯᠬᠦ ᠴᠡᠭ ᠢ ᠡᠭᠦᠳᠴᠦ ᠂ ᠲᠠᠷᠢᠶᠠᠴᠢᠨ ᠡᠷᠦᠬᠡ ᠳᠤ ᠬᠠᠮᠤᠭ ᠤᠨ ᠰᠢᠭᠤᠳ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠦᠢᠯᠡᠳᠪᠦᠷᠢᠯᠡᠯ ᠤᠨ ᠵᠠᠭᠪᠤᠷ ᠢ ᠬᠠᠩᠭᠠᠪᠠ ᠃
图片3.png
      ᠲᠥᠷᠥᠯ ᠵᠦᠢᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠃      ᠨᠢᠭᠡ ᠳᠤ ᠮᠡᠷᠭᠡᠵᠢᠯ ᠤᠨ ᠵᠢᠯᠣᠭᠤᠳᠤᠯᠭ᠎ᠠ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠵᠢᠱᠢᠶ᠎ᠡ ᠦᠵᠡᠭᠦᠯᠬᠦ ᠴᠡᠭ ᠨᠢᠭᠡᠪᠦᠷᠢ ᠳᠤ ᠲᠣᠰ ᠲᠣᠰ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠤᠨ ᠮᠡᠷᠭᠡᠵᠢᠯ ᠤᠨ ᠦᠢᠯᠡᠴᠢᠯᠡᠭᠡᠨ ᠤ ᠠᠩᠭᠢ ᠶᠢ ᠲᠣᠮᠢᠯᠠᠨ ᠬᠦᠷᠭᠡᠵᠦ᠂ ᠲᠠᠷᠢᠶᠠᠨ ᠭᠠᠵᠠᠷ ᠲᠤ ᠰᠠᠭᠤᠯᠭᠠᠨ᠂ ᠴᠡᠭ ᠲᠤ ᠰᠠᠭᠤᠨ ᠵᠢᠯᠤᠭᠤᠳᠴᠤ᠂ ᠮᠥᠷᠳᠡᠨ ᠦᠢᠯᠡᠴᠢᠯᠡᠵᠦ᠂ ᠲᠤᠬᠠᠢ ᠶᠢᠨ ᠭᠠᠵᠠᠷ ᠲᠤ  ᠨᠢ ᠵᠢᠯᠤᠭᠤᠳᠬᠤ ᠦᠢᠯᠡᠴᠢᠯᠡᠭᠡ ᠶᠢ ᠨᠡᠶᠢᠲᠡ 135 ᠤᠳᠠᠭ᠎ᠠ ᠥᠷᠨᠢᠭᠦᠯᠪᠡ᠃      ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠵᠤ᠂ ᠲᠥᠷᠥᠯ ᠵᠦᠢᠯ ᠤᠨ ᠲᠣᠭᠤᠷᠢᠭ ᠲᠤ ᠳᠣᠬᠢᠭᠤᠷ ᠲᠤᠯᠤᠭᠠᠨ ᠣᠲᠣ ᠨᠡᠷᠡᠮᠵᠢᠲᠦ ᠵᠠᠮᠴᠢᠯᠠᠭ᠎ᠠ ᠶᠢᠨ ᠵᠢᠯᠣᠭᠤᠴᠢ ᠦᠭᠡᠢ ᠦᠷ᠎ᠡ ᠰᠠᠴᠤᠬᠤ ᠮᠠᠰᠢᠨ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ᠂ ᠣᠶᠤᠨᠲᠤ ᠤᠰᠤᠨ ᠪᠣᠷᠳᠣᠭᠤᠷ ᠢ ᠬᠢᠨᠠᠨ ᠡᠵᠡᠮᠳᠡᠬᠦ ᠲᠥᠬᠦᠭᠡᠷᠦᠮᠵᠢ ᠵᠡᠷᠭᠡ ᠣᠯᠠᠨ ᠵᠦᠢᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠪᠡ᠃      ᠭᠤᠷᠪᠠ ᠳᠤ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠰᠠᠶᠢᠲᠤᠷ ᠠᠳᠬᠤᠵᠤ ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠳᠤ ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠡᠷᠳᠡᠨᠢ ᠰᠢᠰᠢ  ᠪᠤᠭᠤᠳᠠᠢ ᠶᠢ ᠠᠯᠠᠭᠯᠠᠨ ᠲᠠᠷᠢᠵᠦ ᠲᠠᠬᠢᠨ ᠨᠣᠬᠠᠢ ᠶᠢᠨ ᠬᠤᠰᠢᠭᠤ ᠲᠠᠷᠢᠬᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠂ ᠡᠷᠳᠡᠨᠢ ᠰᠢᠰᠢ ᠶᠢ ᠨᠢᠭᠲᠠ ᠲᠠᠷᠢᠵᠤ ᠳᠤᠰᠤᠯᠭᠠᠨ ᠤᠰᠤᠯᠠᠬᠤ ᠥᠨᠳᠥᠷ ᠤᠨᠠᠯᠲᠠ ᠶᠢᠨ ᠮᠡᠷᠭᠡᠵᠢᠯ ᠂ ᠰᠢᠷ᠎ᠠ ᠪᠤᠷᠴᠠᠭ ᠡᠷᠳᠡᠨᠢ ᠰᠢᠰᠢ  ᠶᠢᠨ ᠪᠦᠰᠡᠯᠢᠭ ᠬᠡᠯᠪᠡᠷᠢᠲᠠᠢ ᠰᠣᠯᠪᠢᠴᠠᠨ ᠲᠠᠷᠢᠬᠤ ᠮᠡᠷᠭᠡᠵᠢᠯ ᠂ ᠬᠠᠭᠤᠷᠠᠢ ᠪᠠᠷ ᠲᠠᠷᠢᠬᠤ ᠲᠠᠷᠢᠶᠠᠯᠠᠩ ᠤᠨ ᠰᠢᠯᠢᠮᠳᠡᠭ ᠢ ᠥᠷᠭᠡᠨ ᠪᠦᠷᠬᠦᠪᠴᠢᠳᠤ ᠭᠤᠤ ᠳᠠᠳᠠᠵᠤ ᠲᠠᠷᠢᠬᠤ ᠵᠡᠷᠭᠡ ᠲᠡᠷᠢᠭᠦᠨ ᠤ ᠮᠡᠷᠭᠡᠵᠢᠯ ᠢ ᠤᠷᠤᠭᠤᠯᠪᠠ ᠃       ᠳᠥᠷᠪᠡ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠠᠳᠬᠤᠵᠤ ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠯᠠᠨ ᠠᠷᠭ᠎ᠠ ᠬᠡᠯᠪᠡᠷᠢ ᠪᠠᠷ ᠤᠬᠠᠭᠤᠯᠭ᠎ᠠ ᠶᠢ ᠥᠷᠨᠢᠭᠦᠯᠵᠦ ᠂ ᠠᠯᠪᠠᠨ ᠤ ᠸᠢᠴᠠᠲ ᠂ ᠴᠤᠤᠷᠢᠶ᠎ᠠ ᠲᠠᠪᠴᠠᠩ ᠂ ᠪᠤᠭᠤᠲᠤ ᠶᠢᠨ ᠬᠠᠮ ᠵᠠᠭᠤᠴᠢᠯᠠᠭᠤᠷ ᠵᠡᠷᠭᠡ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠠᠭᠤᠯᠭ᠎ᠠ ᠵᠢᠴᠢ ᠠᠬᠢᠴᠠ ᠪᠠᠷ ᠳᠠᠮᠵᠢᠭᠤᠯᠬᠤ ᠶᠢᠨ ᠬᠠᠮᠲᠤ ᠂ ᠬᠤᠲᠠ ᠂ ᠰᠢᠶᠠᠨ ᠬᠤᠶᠠᠷ ᠱᠠᠲᠤᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠦᠷᠦᠯ ᠵᠦᠢᠯ ᠤᠨ ᠦᠵᠡᠭᠦᠯᠦᠯᠭᠡ ᠶᠢᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠵᠤ ᠂ ᠲᠠᠷᠢᠶᠠᠴᠢᠳ ᠲᠤ ᠦᠵᠡᠭᠦᠯᠵᠦ ᠂ ᠲᠠᠷᠢᠶᠠᠴᠢᠳ ᠲᠤ ᠰᠤᠷᠤᠯᠴᠠᠭᠤᠯᠵᠤ ᠂ ᠲᠠᠷᠢᠶᠠᠴᠢᠳ ᠢ ᠲᠠᠭᠠᠨ ᠠᠵᠢᠯᠯᠠᠭᠤᠯᠪᠠ᠃      ᠳᠠᠷᠠᠭᠠᠴᠢ ᠶᠢᠨ ᠠᠯᠬᠤᠮ ᠳᠤ ᠂ ᠪᠤᠭᠤᠲᠤ ᠬᠤᠳᠠ ᠶᠢᠨ ᠬᠢᠨ ᠦᠷᠭᠦᠯᠵᠢᠯᠡᠨ ᠲᠦᠷᠦᠯ ᠵᠦᠢᠯ ᠤᠨ ᠵᠢᠱᠢᠶ᠎ᠡ ᠦᠵᠡᠭᠦᠯᠬᠦ ᠣᠷᠣᠨ ᠢ ᠮᠥᠷᠳᠡᠵᠦ ᠂ ᠵᠤᠨ ᠤ ᠬᠠᠮᠢᠶᠠᠷᠤᠯᠲᠠ ᠵᠢᠴᠢ ᠨᠠᠮᠤᠷ ᠤᠨ ᠬᠤᠷᠢᠶᠠᠯᠲᠠ ᠶᠢᠨ ᠠᠵᠢᠯ ᠢ ᠴᠢᠩᠭᠠᠳᠬᠠᠵᠤ ᠂ ᠤᠨᠠᠯᠲᠠ ᠶᠢ ᠬᠡᠮᠵᠢᠬᠦ ᠵᠢᠴᠢ ᠬᠤᠯᠪᠣᠭᠳᠠᠯ ᠪᠦᠬᠦᠢ ᠶᠠᠰᠤ ᠴᠢᠨᠠᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠬᠤᠷᠠᠮᠳᠤᠭᠤᠯᠵᠤ ᠂ ︽ ᠳᠤᠮᠳᠠᠳᠤ ᠤᠯᠤᠰ ᠤᠨ ᠪᠤᠳᠠᠭᠠᠨ ᠠᠶᠠᠭ᠎ᠠ ︾  ᠳᠤ ᠴᠢᠨᠠᠷ ᠰᠠᠶᠢᠲᠠᠢ ᠠᠮᠤ ᠪᠤᠳᠠᠭ᠎ᠠ ᠶᠢ ᠦᠷᠭᠦᠯᠵᠢᠯᠡᠨ ᠬᠠᠩᠭᠠᠬᠤ ᠪᠠᠷ ᠪᠣᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号