ᠤᠨᠴᠠᠯᠢᠭᠳᠤ ᠨᠠᠷᠢᠮᠤ ᠪᠠᠷ ᠵᠢᠵᠢᠭᠬᠡᠨ ᠲᠤᠰᠬᠤᠨ ᠴᠢᠨᠡᠭᠡᠯᠢᠭᠵᠢᠯ ᠦᠨ ᠵᠠᠮ ᠢ ᠡᠯᠭᠦᠵᠦᠤᠯᠠᠨ ᠤ ᠬᠦᠴᠦᠨ ᠳᠦ ᠶᠡᠬᠡ ᠶᠢ ᠪᠦᠳᠦᠭᠡᠵᠦ ᠨᠡᠷᠡᠳᠤ ᠲᠡᠮᠳᠡᠭ  ᠢᠶᠠᠨ ᠠᠯᠳᠠᠷᠰᠢᠭᠤᠯᠤᠨᠠᠮ — ᠠᠤᠬᠠᠨ ᠬᠤᠰᠢᠭᠤᠨ ᠤ ᠬᠤᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠢ
ᠨᠡᠶᠢᠲᠡᠯᠡᠭᠰᠡᠨ ᠴᠠᠭ᠄
2023/8/3
      ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠬᠤᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠢ ᠬᠤᠷᠰᠢᠶ᠎ᠠ ᠨᠢ ᠲᠤᠬᠠᠢ ᠶᠢᠨ ᠭᠠᠵᠠᠷ ᠤᠨ ᠠᠮᠢ ᠠᠬᠤᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ ᠂ ᠪᠣᠬᠢᠷᠲᠤᠯ ᠦᠭᠡᠢ ᠣᠷᠭᠠᠨᠢᠭ ᠨᠠᠷᠢᠮᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠤᠳᠤ 1.5 ᠲᠦᠮᠡᠨ ᠮᠦ ᠲᠠᠷᠢᠮᠠᠯ ᠤᠨ ᠰᠠᠭᠤᠷᠢᠨ ᠲᠠᠢ ᠂ ᠣᠳᠣᠬᠢᠴᠢᠯᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ 9 ᠪᠠᠶᠢᠵᠤ᠂ ᠨᠠᠷᠢᠮᠤ ᠶᠢᠨ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 2 ᠲᠦᠮᠡᠨ ᠲᠣᠨ ᠳᠤ ᠬᠦᠷᠴᠦ ᠂ ᠦᠢᠯᠡᠳᠪᠦᠷᠢᠯᠡᠬᠦ ᠂ ᠪᠣᠯᠪᠠᠰᠤᠷᠠᠭᠤᠯᠬᠤ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ ᠃ ᠠᠷᠪᠠᠨ ᠬᠡᠳᠦᠨ ᠵᠢᠯ ᠤᠨ ᠲᠦᠷᠭᠡᠨ ᠬᠥᠭᠵᠢᠯᠲᠡ ᠪᠠᠷ ᠲᠠᠮᠵᠢᠨ ᠂ ᠬᠤᠢ ᠯᠦᠩ ᠬᠤᠷᠰᠢᠶ᠎ᠠ ᠨᠢ ᠨᠢᠭᠡᠨ ᠵᠢᠵᠢᠭ ᠲᠣᠰᠬᠤᠨ ᠤ ᠡᠩ ᠤᠨ ᠬᠤᠷᠰᠢᠶ᠎ᠠ ᠪᠠᠶᠢᠭᠰᠠᠨ ᠠᠴᠠ ᠪᠠᠨ ᠤᠯᠤᠰ ᠤᠨ ᠲᠠᠷᠢᠶᠠᠴᠢᠨ ᠤ ᠵᠢᠱᠢᠶ᠎ᠡ ᠦᠵᠡᠭᠦᠯᠬᠦ ᠬᠤᠷᠰᠢᠶ᠎ᠠ ᠪᠣᠯᠣᠨ ᠪᠣᠶᠢᠵᠢᠵᠤ ᠂ ᠨᠠᠷᠢᠮᠤ ᠪᠤᠳᠠᠭ᠎ᠠ ᠶᠢ ᠲᠣᠮᠣ ᠠᠵᠤ ᠦᠢᠯᠡᠰ ᠂ ᠲᠣᠮᠣ ᠨᠡᠷᠡᠲᠦ ᠲᠡᠮᠳᠡᠭ ᠪᠣᠯᠭᠠᠨ ᠡᠭᠦᠳᠴᠦ ᠂ ᠤᠯᠠᠨ ᠲᠦᠮᠡᠨ ᠢ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠭᠤᠯᠪᠠ ᠃
图片1.png
      ᠨᠢᠭᠡ ᠂ ᠨᠠᠮ ᠤᠨ ᠪᠠᠶᠢᠭᠤᠯᠤᠯᠲᠠ ᠪᠠᠷ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠪᠠ      ᠠᠤᠬᠠᠨ ᠬᠤᠰᠢᠭᠤ ᠪᠤᠯ ᠡᠯᠳᠡᠪ ᠠᠮᠤ ᠲᠠᠷᠢᠳᠠᠭ ᠥᠨᠢ ᠤᠳᠠᠭᠠᠨ ᠲᠡᠦᠬᠡ ᠲᠠᠢ᠂ ᠳᠤᠮᠳᠠᠳᠤ ᠤᠯᠤᠰ ᠤᠨ ᠨᠠᠷᠢᠮᠤ ᠶᠢᠨ ᠨᠤᠲᠤᠭ ᠶᠤᠮ᠃ ᠭᠡᠪᠡᠴᠦ ᠠᠤᠬᠠᠨ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠡᠬᠢᠨ ᠤ ᠦᠶ᠎ᠡ ᠳᠤ ᠶᠡᠷᠦ  ᠨᠢ ᠪᠦᠳᠦᠭᠦᠯᠢᠭ ᠠᠮᠤ ᠶᠢᠨ ᠬᠡᠯᠪᠡᠷᠢ ᠪᠠᠷ ᠭᠠᠳᠠᠭᠰᠢ ᠪᠣᠷᠣᠯᠠᠭᠤᠯᠵᠤ ᠪᠠᠶᠢᠭᠰᠠᠨ ᠪᠣᠯᠪᠠᠴᠤ ᠴᠢᠨᠠᠷ ᠰᠠᠶᠢᠲᠠᠢ ᠨᠠᠷᠢᠮᠤ ᠶᠢ ᠬᠠᠷᠢᠨ ᠰᠠᠶᠢᠨ ᠦᠨ᠎ᠡ ᠪᠠᠷ ᠬᠤᠳᠠᠯᠳᠤᠵᠤ ᠳᠡᠶᠢᠯᠬᠦ ᠦᠭᠡᠢ᠂ ᠪᠦᠲᠦᠭᠡᠭᠳᠡᠬᠦᠨ ᠤ ᠨᠡᠮᠡᠯᠲᠡ ᠥᠷᠲᠡᠭ ᠳᠣᠣᠷ᠎ᠠ ᠪᠠᠶᠢᠵᠤ᠂ ᠲᠠᠷᠢᠶᠠᠴᠢᠳ ᠤᠨ ᠳᠠᠷᠢᠬᠤ ᠢᠳᠡᠪᠬᠢᠵᠢᠯ ᠠᠨᠠᠢ ᠪᠠᠶᠢᠪᠠ᠃ ᠡᠳᠡᠭᠡᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ ᠵᠠᠰᠠᠢ ᠶᠢᠩᠽᠢ ᠲᠣᠰᠬᠤᠨ ᠤ ᠨᠠᠮ ᠤᠨ ᠡᠭᠦᠷ ᠤᠨ ᠬᠢᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠲᠣᠰᠬᠤᠨ ᠤ ᠨᠠᠮ ᠤᠨ ᠡᠭᠦᠷ ᠤᠨ ᠱᠦᠵᠢ ᠲᠦᠷᠦᠭᠦᠯᠡᠨ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠢᠳᠡᠪᠬᠢᠲᠡᠢ ᠴᠤᠤᠷᠢᠶᠠᠲᠤᠨ ᠳᠠᠭᠠᠵᠤ ᠂ ᠲᠣᠰᠬᠤᠨ ᠤ ᠪᠤᠰᠤᠳ ᠲᠠᠷᠢᠮᠠᠯ ᠤᠨ ᠲᠣᠮᠣ ᠡᠷᠦᠬᠡ ᠲᠠᠢ ᠬᠤᠯᠪᠤᠭᠠᠯᠠᠨ ᠂ ᠬᠤᠢ ᠯᠦᠩ ᠬᠤᠷᠰᠢᠶ᠎ᠠ ᠶᠢ ᠬᠠᠮᠲᠤᠪᠠᠷ ᠪᠠᠶᠢᠭᠤᠯᠪᠠ ᠃ ᠨᠢᠭᠡ ᠲᠠᠯ᠎ᠠ ᠪᠠᠷ᠂ ᠬᠤᠷᠰᠢᠶ᠎ᠠ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠠᠤᠬᠠᠨ ᠬᠤᠰᠢᠭᠤ ᠵᠢᠴᠢ ᠡᠷᠬᠢᠨ ᠲᠣᠭᠤᠷᠢᠨ ᠤ 1880 ᠲᠠᠷᠢᠶᠠᠴᠢᠨ ᠡᠷᠦᠬᠡ ᠲᠠᠢ ᠦᠢᠯᠡᠳᠪᠦᠷᠢᠯᠡᠯ ᠤᠨ ᠭᠡᠷ᠎ᠡ ᠲᠣᠭᠲᠠᠵᠤ᠂ ᠵᠠᠬ᠎ᠠ ᠳᠡᠯᠭᠡᠭᠦᠷ ᠤᠨ 0.2 — 0.5 ᠲᠥᠭᠦᠷᠢᠭ ᠠᠴᠠ ᠥᠨᠳᠥᠷ ᠦᠨ᠎ᠡ ᠪᠠᠷ ᠨᠠᠷᠢᠮᠤ ᠶᠢᠨ ᠠᠮᠤ ᠶᠢ ᠬᠤᠷᠢᠶᠠᠨ ᠠᠪᠴᠢᠷᠠᠬᠤ ᠶᠢᠨ ᠬᠠᠮᠲᠤ ᠲᠠᠷᠢᠶᠠᠴᠢᠨ ᠡᠷᠦᠬᠡ ᠶᠢᠨ ᠬᠤᠳᠠᠯᠳᠤᠨ ᠠᠪᠬᠤ ᠵᠣᠭᠤᠰ ᠢ ᠶᠡᠷᠦ ᠠᠴᠠ ᠱᠡᠭᠡᠯᠡᠨ ᠥᠷᠢᠲᠦᠳᠡᠭ ᠦᠭᠡᠢ ᠪᠠᠶᠢᠵᠤ᠂ ᠲᠠᠷᠢᠶᠠᠴᠢᠨ ᠡᠷᠦᠬᠡ ᠲᠠᠢ ᠰᠠᠶᠢᠨ ᠰᠠᠶᠢᠬᠠᠨ ᠦᠨᠡᠨᠴᠢ ᠢᠲᠡᠭᠡᠮᠵᠢᠲᠡᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ ᠲᠠᠷᠢᠮᠠᠯ ᠤᠨ ᠡᠷᠦᠬᠡ ᠨᠢ ᠬᠤᠷᠰᠢᠶ᠎ᠠ ᠶᠢᠨ ᠳᠠᠷᠢᠬᠤ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠰᠢᠵᠢᠷ ᠠᠯᠲᠠᠨ ᠠᠮᠤ᠂ ᠤᠯᠠᠭᠠᠨ ᠠᠮᠤ᠂ ᠢᠳᠡᠰᠢᠨ ᠤ ᠴᠠᠪᠠᠤᠯᠢᠭ ᠡᠷᠳᠡᠨᠢ ᠰᠢᠰᠢ᠂ ᠨᠣᠭᠤᠭᠠᠨ ᠪᠤᠷᠴᠠᠭ᠂ ᠬᠠᠷ᠎ᠠ ᠪᠤᠷᠴᠠᠭ ᠵᠡᠷᠭᠡ ᠣᠨᠴᠠᠯᠢᠭᠲᠤ ᠣᠷᠭᠠᠨᠢᠭ ᠬᠤᠯᠢᠮᠠᠭ ᠠᠮᠤ ᠶᠢ ᠳᠠᠷᠢᠨ᠎ᠠ᠃ ᠣᠳᠣᠬᠠᠨ ᠳᠤ᠂ ᠬᠤᠷᠰᠢᠶ᠎ᠠ ᠨᠢ ᠥᠪᠡᠷ ᠤᠨ ᠬᠤᠯᠢᠮᠠᠭ ᠠᠮᠤ ᠡᠯᠳᠡᠪ ᠪᠤᠷᠴᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 1.5 ᠲᠦᠮᠡᠨ ᠮᠦ ᠪᠠᠶᠢᠭᠤᠯᠵᠤ᠂ ᠡᠷᠬᠢᠨ ᠲᠣᠭᠤᠷᠢᠨ ᠤ ᠬᠤᠯᠢᠮᠠᠭ ᠠᠮᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠲᠦᠮᠡᠨ ᠮᠦ ᠨᠥᠯᠥᠭᠡᠯᠡᠨ ᠪᠦᠷᠬᠦᠪᠡ᠃ ᠨᠥᠭᠦᠭᠡ ᠲᠠᠯ᠎ᠠ ᠪᠠᠷ᠂ ᠬᠤᠷᠰᠢᠶ᠎ᠠ ᠨᠢ ᠦᠢᠯᠡᠳᠬᠦᠨ ᠤ ᠠᠮᠤᠷ ᠲᠦᠪᠰᠢᠨ ᠤ ᠶᠠᠰᠤ ᠴᠢᠨᠠᠷ ᠢ ᠴᠢᠩᠭ᠎ᠠ ᠠᠳᠬᠤᠵᠤ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠤ ᠰᠠᠭᠤᠷᠢᠨ ᠭᠠᠵᠠᠷ ᠲᠤ ᠭᠦᠨᠵᠡᠭᠡᠶᠢᠷᠡᠭᠦᠯᠦᠨ᠂ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ ᠪᠠ ᠦᠢᠯᠡᠳᠪᠦᠷᠢᠯᠡᠯ ᠤᠨ ᠳᠠᠷᠠᠭᠠᠬᠢ ᠵᠢᠯᠣᠭᠤᠳᠤᠯᠭ᠎ᠠ ᠶᠢ ᠴᠠᠭ ᠲᠤᠬᠠᠢ ᠳᠤ  ᠨᠢ ᠬᠠᠩᠭᠠᠵᠤ᠂ ᠨᠠᠷᠢᠮᠤ ᠶᠢᠨ ᠲᠦᠭᠦᠬᠡᠢ ᠠᠮᠤ ᠶᠢᠨ ᠪᠣᠬᠢᠷᠲᠤᠯ ᠦᠭᠡᠢ ᠣᠷᠭᠠᠨᠢᠭ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠵᠡᠷᠭᠡᠴᠡᠭᠡᠪᠡᠷ ᠂ ᠨᠠᠷᠢᠮᠤ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠶᠠᠪᠤᠴᠠ ᠶᠢ ᠴᠥᠮ ᠣᠷᠭᠠᠨᠢᠭ ᠢᠶᠠᠷ ᠠᠵᠢᠯᠯᠠᠬᠤ ᠳᠦᠷᠢᠮᠵᠢᠯ ᠢᠶᠠᠷ ᠬᠡᠷᠡᠭᠵᠢᠭᠦᠯᠵᠦ ᠂ ᠪᠥᠭᠡᠮ ᠲᠦᠭᠦᠬᠡᠢ ᠮᠠᠲ᠋ᠧᠷᠢᠶᠠᠯ ᠢ ᠬᠥᠮᠥᠷᠭᠡ ᠳᠤ ᠣᠷᠣᠭᠤᠯᠬᠤ ᠪᠠ ᠪᠦᠲᠦᠭᠡᠭᠳᠡᠬᠦᠨ ᠢ ᠦᠢᠯᠡᠳᠪᠦᠷᠢ ᠠᠴᠠ ᠭᠠᠷᠭᠠᠬᠤ ᠳᠤ ᠴᠥᠮ ᠠᠯᠢ ᠤᠯᠠᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ ᠂ ᠬᠢᠷᠢ ᠲᠡᠩᠴᠡᠬᠦ ᠦᠭᠡᠢ ᠲᠦᠭᠦᠬᠡᠢ ᠠᠮᠤ ᠶᠢ ᠦᠢᠯᠡᠳᠪᠦᠷᠢ ᠳᠤ ᠣᠷᠣᠭᠤᠯᠬᠤ ᠦᠭᠡ᠊  ᠢ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠢ ᠦᠢᠯᠡᠳᠪᠦᠷᠢ ᠠᠴᠠ ᠭᠠᠷᠭᠠᠬᠤ ᠦᠭᠡᠢ ᠪᠠᠶᠢᠬᠤ ᠶᠢ ᠪᠠᠲᠤᠯᠠᠪᠠ᠃ 2022 ᠣᠨ ᠳᠤ᠂ ᠬᠤᠷᠰᠢᠶᠠᠵᠢᠯ ᠤᠨ ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶ᠎ᠡ 3200 ᠲᠦᠮᠡᠨ ᠲᠥᠭᠦᠷᠢᠭ ᠲᠤ ᠬᠦᠷᠴᠦ᠂ ᠭᠠᠵᠠᠷ ᠰᠢᠷᠣᠢ ᠪᠠᠷ ᠬᠤᠪᠢ ᠣᠷᠣᠭᠤᠯᠤᠭᠰᠠᠨ ᠲᠠᠷᠢᠶᠠᠴᠢᠨ ᠡᠷᠦᠬᠡ 1382 ᠡᠷᠦᠬᠡ ᠳᠤ ᠬᠦᠷᠴᠦ᠂ ᠲᠠᠷᠢᠮᠠᠯ ᠤᠨ ᠡᠷᠦᠬᠡ ᠶᠢ ᠳᠠᠶᠢᠴᠢᠯᠠᠨ ᠴᠡᠪᠡᠷ ᠣᠷᠣᠯᠭ᠎ᠠ ᠶᠢ 3000 ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃      ᠬᠤᠶᠠᠷ ᠂ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠤᠨ ᠂ ᠣᠨᠴᠠᠯᠢᠭᠲᠤ ᠠᠵᠤ ᠦᠢᠯᠡᠰ ᠢ ᠴᠣᠭᠴᠠᠯᠠᠨ  ᠪᠠᠶᠢᠭᠤᠯᠪᠠ      ᠠᠤᠬᠠᠨ ᠬᠤᠰᠢᠭᠤᠨ ᠤ ᠲᠠᠷᠢᠶᠠᠯᠠᠩ ᠤᠨ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ᠨᠠᠷᠢᠮᠤ᠂ ᠰᠢᠰᠢ᠂ ᠡᠷᠳᠡᠨᠢ ᠰᠢᠰᠢ᠂ ᠪᠤᠷᠴᠠᠭ ᠤᠨ ᠵᠦᠢᠯ᠂ ᠰᠠᠭᠠᠭ ᠤᠨ ᠵᠦᠢᠯ ᠤᠨ ᠤᠷᠭᠤᠬᠤ ᠳᠤ ᠠᠭᠤᠷ ᠠᠮᠢᠰᠬᠤᠯ ᠮᠠᠰᠢ ᠲᠣᠬᠢᠷᠠᠮᠵᠢᠲᠠᠢ ᠪᠠᠶᠢᠳᠠᠭ᠃ ᠾᠦᠢ ᠯᠦᠩ ᠬᠤᠷᠰᠢᠶᠠᠵᠢᠯ ᠤᠨ ᠬᠢᠨ ᠠᠤᠬᠠᠨ ᠬᠤᠰᠢᠭᠤᠨ ᠤ ᠡᠯᠳᠡᠪ ᠠᠮᠤ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠠᠤᠬᠠᠨ ᠨᠠᠷᠢᠮᠤ ᠠᠮᠤ ᠶᠢ ᠭᠤᠣᠯᠳᠠᠯᠭ᠎ᠠ ᠲᠠᠢ ᠬᠠᠮᠠᠭᠠᠯᠠᠵᠤ᠂ ᠤᠯᠠᠮᠵᠢᠯᠠᠨ ᠬᠦᠭᠵᠢᠭᠦᠯᠪᠡ᠃ ᠨᠢᠭᠡ ᠲᠠᠯ᠎ᠠ ᠪᠠᠷ ᠂ ᠤᠯᠠᠮᠵᠢᠯᠠᠯᠲᠤ ᠡᠭᠦᠯᠳᠡᠷ ᠤᠨ ᠡᠬᠢ ᠪᠠᠶᠠᠯᠢᠭ ᠢ ᠰᠣᠩᠭᠤᠨ ᠪᠣᠶᠢᠵᠢᠭᠤᠯᠬᠤ ᠶᠢ ᠬᠠᠮᠠᠭᠠᠯᠠᠪᠠ᠃ ᠨᠠᠷᠢᠮᠤ ᠪᠤᠳᠠᠭ᠎ᠠ ᠪᠠᠷ ᠭᠤᠣᠯ ᠪᠣᠯᠭᠠᠭᠰᠠᠨ ᠡᠯᠳᠡᠪ ᠠᠮᠤ ᠪᠤᠳᠠᠭᠠᠨ ᠤ ᠲᠦᠷᠦᠯ ᠵᠦᠢᠯ ᠢ ᠴᠤᠭᠯᠠᠭᠤᠯᠬᠤ ᠠᠵᠢᠯ ᠢ ᠥᠷᠨᠢᠭᠦᠯᠵᠦ ᠂ ᠳᠤᠮᠳᠠ ᠠᠴᠠ ᠨᠢ ᠠᠮᠲᠠ ᠪᠠᠷ ᠰᠠᠶᠢᠨ ᠰᠢᠵᠢᠷ ᠠᠯᠳᠠᠨ ᠴᠢᠬᠢ ᠂ ᠤᠯᠠᠭᠠᠨ ᠠᠮᠤ᠂  ᠬᠠᠷ᠎ᠠ ᠠᠮᠤ ᠂ ᠨᠣᠭᠤᠭᠠᠨ ᠠᠮᠤ ᠵᠡᠷᠭᠡ ᠤᠯᠠᠮᠵᠢᠯᠠᠯᠲᠤ ᠲᠦᠷᠦᠯ ᠵᠦᠢᠯ ᠢ ᠰᠣᠩᠭᠤᠨ ᠴᠡᠪᠡᠷᠵᠢᠭᠦᠯᠵᠦ ᠪᠣᠶᠢᠵᠢᠭᠤᠯᠬᠤ ᠶᠢᠨ ᠬᠠᠮᠲᠤ ᠳᠡᠯᠭᠡᠷᠡᠭᠦᠯᠵᠦ ᠂ ᠡᠳᠡᠭᠡᠷ ᠲᠤᠬᠠᠢ ᠶᠢᠨ ᠭᠠᠵᠠᠷ ᠤᠨ ᠲᠠᠷᠢᠶᠠᠴᠢᠨ ᠠᠶᠢᠯ ᠤᠨ ᠤᠯᠠᠮᠵᠢᠯᠠᠯᠲᠤ ᠲᠦᠷᠦᠯ ᠵᠦᠢᠯ ᠢ ᠠᠰᠢᠭᠯᠠᠨ ᠰᠠᠷᠠ ᠶᠢᠨ ᠲᠤᠲᠤᠷᠭ᠎ᠠ ᠂ ᠴᠢᠯᠠᠭᠤᠨ ᠲᠡᠭᠡᠷᠮ᠎ᠡ ᠶᠢᠨ ᠲᠤᠲᠤᠷᠭ᠎ᠠ ᠂ ᠲᠦᠷᠪᠡᠨ ᠥᠩᠭᠡᠲᠦ ᠠᠮᠤ ᠵᠡᠷᠭᠡ ᠰᠢᠷᠢᠰ ᠨᠠᠷᠢᠮᠤ ᠠᠮᠤ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠂ ᠤᠯᠠᠮᠵᠢᠯᠠᠯᠲᠤ ᠲᠦᠷᠦᠯ ᠵᠦᠢᠯ ᠢ ᠬᠠᠮᠠᠭᠠᠯᠠᠬᠤ ᠶᠢᠨ ᠳᠤᠮᠳᠠ ᠬᠥᠭᠵᠢᠭᠦᠯᠵᠦ ᠂ ᠬᠥᠭᠵᠢᠭᠦᠯᠬᠦ ᠶᠢᠨ ᠳᠤᠮᠳᠠ ᠬᠠᠮᠠᠭᠠᠯᠠᠬᠤ ᠶᠢ ᠪᠡᠶᠡᠯᠡᠭᠦᠯᠪᠡ ᠃ ᠨᠥᠭᠦᠭᠡ ᠲᠠᠯ᠎ᠠ ᠪᠠᠷ᠂ ᠬᠠᠭᠤᠷᠠᠢ ᠲᠠᠷᠢᠶᠠᠯᠠᠩ ᠤᠨ ᠰᠣᠶᠣᠯ ᠢ ᠤᠯᠠᠮᠵᠢᠯᠠᠨ ᠬᠦᠭᠵᠢᠭᠦᠯᠪᠡ᠃ ᠬᠤᠷᠰᠢᠶ᠎ᠠ ᠨᠢ ᠨᠠᠷᠢᠮᠤ ᠲᠠᠷᠢᠬᠤ ᠶᠠᠪᠤᠴᠠ ᠳᠠᠭᠠᠨ ᠣᠷᠭᠠᠨᠢᠭ ᠪᠠ ᠪᠣᠬᠢᠷᠲᠤᠯ ᠦᠭᠡᠢ ᠲᠠᠷᠢᠶᠠᠯᠠᠩ ᠤᠨ ᠲᠠᠷᠢᠮᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠬᠡᠷᠡᠭᠯᠡᠭᠰᠡᠨ ᠦᠷ᠎ᠡ ᠶᠢ ᠪᠦᠬᠦᠨ ᠢ ᠬᠤᠷᠰᠢᠶ᠎ᠠ ᠥᠪᠡᠰᠦᠪᠡᠨ ᠦᠷᠡᠵᠢᠭᠦᠯᠵᠦ ᠂  ᠭᠠᠷ ᠢᠶᠠᠷ ᠰᠣᠩᠭᠤᠵᠤ ᠂ ᠦᠷ᠎ᠡ ᠶᠢᠨ ᠴᠡᠪᠡᠷᠴᠡ ᠪᠠ ᠴᠡᠪᠡᠷᠴᠡ ᠶᠢᠨ ᠬᠡᠮᠵᠢᠶ᠎ᠡ ᠶᠢ ᠪᠠᠲᠤᠯᠠᠪᠠ᠃ ᠭᠦᠨ ᠳᠠᠷᠢᠵᠤ ᠨᠢᠮᠪᠠᠢ ᠳᠠᠷᠢᠬᠤ᠂ ᠡᠭᠡᠯᠵᠢᠯᠡᠨ ᠳᠠᠷᠢᠬᠤ᠂ ᠲᠠᠷᠢᠶᠠᠯᠠᠩ ᠤᠨ ᠪᠣᠷᠳᠣᠭᠤᠷ ᠣᠷᠣᠭᠤᠯᠬᠤ ᠶᠢ ᠪᠠᠷᠢᠮᠲᠠᠯᠠᠵᠤ᠂ ᠲᠠᠷᠢᠮᠠᠯ ᠤᠨ ᠤᠷᠭᠤᠯᠲᠠ ᠶᠢᠨ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠬᠥᠮᠥᠨ ᠤ ᠬᠦᠴᠦ ᠪᠠᠷ ᠭᠠᠷ ᠲᠦᠷᠦᠭᠦ ᠶᠢ ᠪᠠᠭᠠᠰᠬᠠᠨ᠎ᠠ᠃ᠪᠣᠯᠪᠠᠰᠤᠷᠠᠭᠤᠯᠬᠤ ᠶᠠᠪᠤᠴᠠ ᠳᠤ ᠂ ᠬᠤᠷᠰᠢᠶ᠎ᠠ ᠨᠢ ᠴᠢᠯᠠᠭᠤᠨ ᠲᠡᠭᠡᠷᠮ᠎ᠡ ᠶᠢᠨ ᠤᠯᠠᠮᠵᠢᠯᠠᠯᠲᠤ ᠪᠣᠯᠪᠠᠰᠤᠷᠠᠭᠤᠯᠬᠤ ᠮᠡᠷᠭᠡᠵᠢᠯ ᠢ ᠬᠡᠷᠡᠭᠯᠡᠵᠦ ᠂ ᠳᠣᠣᠷ᠎ᠠ ᠳᠤᠯᠠᠭᠠᠨ ᠳᠣᠣᠷ᠎ᠠ ᠬᠤᠷᠳᠤᠴᠠ ᠪᠠᠷ ᠨᠠᠷᠢᠮᠤ ᠶᠢᠨ ᠭᠠᠳᠠᠷ ᠳᠠᠪᠬᠤᠷᠭ᠎ᠠ ᠶᠢᠨ ᠰᠢᠮ᠎ᠡ ᠲᠡᠵᠢᠭᠡᠯ ᠤᠨ ᠪᠦᠷᠢᠯᠳᠦᠭᠦᠨ ᠢ ᠡᠪᠳᠡᠬᠦ ᠦᠭᠡᠢ ᠪᠠᠶᠢᠵᠤ ᠂ ᠨᠠᠷᠢᠮᠤ ᠶᠢᠨ ᠠᠩᠬᠠᠨ ᠤ ᠠᠮᠢ ᠠᠬᠤᠢ ᠶᠢᠨ ᠠᠮᠲᠠ ᠰᠢᠮᠳᠠ ᠪᠠ ᠰᠢᠮ᠎ᠡ ᠲᠡᠵᠢᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠵᠠᠢ ᠃ ᠣᠳᠣᠬᠠᠨ ᠳᠤ ᠬᠤᠷᠰᠢᠶᠠᠨ ᠤ ᠭᠡᠷᠡᠴᠢᠯᠡᠯ ᠤᠨ ᠨᠠᠷᠢᠮᠤ᠂ ᠨᠣᠭᠤᠭᠠᠨ ᠪᠤᠷᠴᠠᠭ ᠵᠡᠷᠭᠡ ᠣᠷᠭᠠᠨᠢᠭ ᠪᠦᠲᠦᠭᠡᠭᠳᠡᠬᠦᠨ 24᠂ ᠪᠣᠬᠢᠷᠲᠤᠯ ᠦᠭᠡᠢ ᠪᠦᠲᠦᠭᠡᠭᠳᠡᠬᠦᠨ 7 ᠪᠠᠶᠢᠵᠤ᠂ ᠬᠡᠷᠡᠭᠯᠡᠭᠴᠢᠳ ᠤᠨ ᠬᠦᠷᠢᠶᠡᠯᠡᠯ ᠢ ᠥᠷᠭᠡᠨ ᠢᠶᠠᠷ ᠣᠯᠵᠤ ᠪᠣᠶ᠃
图片2.png
      ᠭᠤᠷᠪᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠵᠤ ᠦᠢᠯᠡᠰ ᠤᠨ ᠬᠡᠯᠬᠢᠶ᠎ᠡ ᠶᠢ ᠣᠷᠲᠤᠳᠬᠠᠪᠠ      ᠬᠤᠷᠰᠢᠶ᠎ᠠ ᠶᠢᠨ ᠬᠢᠨ ᠣᠶᠢᠷ᠎ᠠ ᠶᠢᠨ ᠵᠢᠯ ᠤᠨ ᠲᠤᠷᠰᠢᠬᠢ ᠬᠡᠷᠡᠭᠯᠡᠭᠴᠢᠳ ᠤᠨ ︽ ᠴᠠᠳᠲᠠᠯ᠎ᠠ ᠢᠳᠡᠬᠦ ᠪᠠᠷ ᠪᠠᠷᠠᠬᠤ ᠦᠭᠡᠢ ᠂ ᠨᠡᠩ ᠴᠤ ᠰᠠᠶᠢᠨ ᠢᠳᠡᠵᠦ ᠂ ᠡᠷᠡᠭᠦᠯ ᠮᠡᠨᠳᠦ ᠪᠠᠷ ᠢᠳᠡᠬᠦ ︾ ᠱᠠᠭᠠᠷᠳᠠᠯᠭ᠎ᠠ ᠶᠢ ᠠᠳᠬᠤᠵᠤ ᠂ ᠪᠣᠬᠢᠷᠲᠤᠯ ᠦᠭᠡᠢ ᠣᠷᠭᠠᠨᠢᠭ ᠨᠠᠷᠢᠮᠤ ᠶᠢ ᠬᠥᠭᠵᠢᠭᠦᠯᠦᠭᠰᠡᠨ ᠰᠠᠭᠤᠷᠢᠨ ᠳᠡᠭᠡᠷ᠎ᠡ ᠂ ᠳᠤᠮᠳᠠᠳᠤ ᠤᠯᠤᠰ ᠤᠨ ᠤᠯᠠᠮᠵᠢᠯᠠᠯᠲᠤ ᠡᠮᠲᠦ ᠢᠳᠡᠭᠡᠨ ᠤ ᠢᠵᠢᠯ ᠢᠷᠡᠯᠲᠡ ᠲᠠᠢ ᠰᠣᠶᠣᠯ ᠤᠨ ᠣᠶᠢᠯᠠᠭᠠᠭᠳᠠᠬᠤᠨ ᠢ ᠣᠷᠣᠭᠤᠯᠵᠤ ᠂ ᠦᠢᠯᠡᠳᠪᠦᠷᠢᠯᠡᠯ ᠨᠡᠮᠡᠯᠲᠡ ᠪᠣᠷᠤᠯᠠᠭᠤᠯᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠡᠭᠦᠳᠴᠡᠢ ᠃ ᠨᠢᠭᠡ ᠲᠠᠯ᠎ᠠ ᠪᠠᠷ ᠂ ᠨᠠᠷᠢᠮᠤ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠨᠢᠭᠲᠠ ᠬᠠᠮᠲᠤᠷᠠᠯᠴᠠᠵᠤ᠂ ᠣᠷᠭᠠᠨᠢᠭ ᠬᠤᠯᠢᠮᠠᠭ ᠠᠮᠤ ᠪᠠᠷ ᠬᠤᠭᠤᠯᠠᠨ ᠨᠤᠨᠳᠠᠭ ᠢ ᠣᠷᠣᠯᠠᠭᠤᠯᠬᠤ ᠵᠡᠷᠭᠡ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠪᠡ ᠃ ᠳᠤᠮᠳᠠᠳᠤ ᠤᠯᠤᠰ ᠤᠨ ᠡᠮᠲᠦ ᠢᠳᠡᠭᠡᠨ ᠤ ᠢᠵᠢᠯ ᠢᠷᠡᠯᠲᠡ ᠶᠢᠨ ᠵᠥᠪᠯᠡᠯ ᠳᠤ ᠣᠷᠣᠵᠤ ᠂ ᠳᠤᠮᠳᠠᠳᠤ ᠤᠯᠤᠰ ᠤᠨ ᠣᠷᠭᠠᠨᠢᠭ ᠠᠮᠢ ᠠᠬᠤᠢ ᠶᠢᠨ ᠠᠵᠤ ᠦᠢᠯᠡᠰ ᠤᠨ ᠬᠤᠯᠪᠣᠭ᠎ᠠ ᠶᠢᠨ ᠬᠡᠷᠡᠭ ᠡᠷᠬᠢᠯᠡᠬᠦ ᠨᠢᠭᠡᠴᠢ ᠪᠣᠯᠵᠤ ᠂ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠠᠰᠢᠭᠯᠠᠨ ᠦᠢᠯᠡᠳᠬᠦᠨ ᠳᠤ ᠰᠢᠨ᠎ᠡ ᠬᠢᠯᠠᠰ ᠴᠡᠭ ᠪᠠ ᠰᠣᠶᠣᠯ ᠤᠨ ᠡᠯᠧᠮᠧᠨ᠋ᠲ ᠨᠡᠮᠡᠵᠦ᠂ ᠠᠤᠬᠠᠨ ᠨᠠᠷᠢᠮᠤ ᠶᠢᠨ ᠺᠤᠪᠠ ᠂ ᠨᠠᠷᠢᠮᠤ ᠶᠢᠨ ᠦᠷᠦᠪᠳᠡᠰᠦ᠂ ᠲᠦᠷᠪᠡᠨ ᠥᠩᠭᠡᠲᠦ ᠨᠠᠷᠢᠮᠤ᠂ ᠬᠤᠯᠢᠮᠠᠭ ᠠᠮᠤ ᠶᠢᠨ ᠲᠦᠷᠭᠡᠨ ᠢᠳᠡᠰᠢᠨ ᠤ ᠭᠤᠯᠢᠷ ᠵᠢᠴᠢ ᠡᠷᠳᠡᠨᠢ ᠰᠢᠰᠢ ᠶᠢᠨ ᠰᠢᠷᠪᠦᠰᠦᠯᠢᠭ ᠨᠤᠨᠳᠠᠭ ᠵᠡᠷᠭᠡ ᠣᠨᠴᠠᠯᠢᠭᠲᠤ ᠪᠦᠲᠦᠭᠡᠭᠳᠡᠬᠦᠨ ᠢ ᠦᠢᠯᠡᠳᠪᠦᠷᠢᠯᠡᠵᠦ᠂ ᠵᠠᠬ᠎ᠠ ᠳᠡᠯᠭᠡᠭᠦᠷ ᠤᠨ ᠰᠢᠮ᠎ᠡ ᠲᠡᠵᠢᠭᠡᠯ᠂ ᠡᠷᠡᠭᠦᠯ ᠴᠢᠭᠢᠷᠠᠭ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠠᠢ᠃ ᠨᠥᠭᠦᠭᠡ ᠲᠠᠯ᠎ᠠ ᠪᠠᠷ᠂ ︽ᠮᠧᠩ ᠺᠧ ᠾᠧ︾ ᠬᠤᠯᠢᠮᠠᠭ ᠠᠮᠤ ᠶᠢᠨ ᠨᠠᠷᠠᠲᠤ ᠲᠡᠮᠳᠡᠭᠲᠦ ᠶᠢ ᠨᠠᠷᠢᠯᠢᠭ ᠪᠣᠶ ᠪᠣᠯᠭᠠᠪᠠ ᠃ ᠬᠤᠷᠰᠢᠶ᠎ᠠ ᠲᠥᠷᠥᠯ ᠲᠡᠮᠳᠡᠭ ᠤᠨ ᠦᠷ᠎ᠡ ᠠᠰᠢᠭ ᠢ ᠴᠢᠬᠤᠯᠠᠴᠢᠯᠠᠵᠤ᠂ ᠦᠢᠯᠡᠳᠬᠦᠨ ᠤ ᠨᠡᠮᠡᠯᠲᠡ ᠦᠷᠳᠡᠭ ᠢ ᠴᠢᠷᠮᠠᠶᠢᠨ ᠳᠡᠭᠡᠭᠰᠢᠯᠡᠭᠦᠯᠵᠦ ᠂ ︽ ᠮᠥ᠋ᠩ ᠺᠸ ᠾᠧ ︾ ᠲᠡᠮᠳᠡᠭᠲᠦ ᠰᠢᠷᠢᠰ ᠦᠢᠯᠡᠳᠬᠦᠨ ᠨᠢ ᠲᠤᠰ ᠭᠠᠵᠠᠷ ᠤᠨ ᠵᠠᠬ᠎ᠠ ᠳᠡᠯᠭᠡᠭᠦᠷ ᠲᠤ ᠪᠣᠷᠣᠯᠠᠭᠤᠯᠤᠭᠳᠠᠵᠤ ᠪᠠᠶᠢᠬᠤ ᠪᠠᠷ ᠪᠠᠷᠠᠬᠤ ᠦᠭᠡᠢ ᠪᠠᠰᠠ ᠪᠡᠭᠡᠵᠢᠩ ᠂ ᠲᠢᠶᠠᠨᠵᠢᠨ ᠂ ᠱᠠᠩᠬᠠᠢ ᠂ ᠯᠢᠶᠣᠤᠨᠢᠩ ᠂ ᠾᠧᠨᠠᠨ ᠂ ᠾᠥ᠋ᠪᠸᠢ ᠂ ᠱᠠᠨ ᠰᠢ ᠂ ᠭᠤᠸᠠᠩᠵᠧᠦ ᠂ ᠵᠢᠶᠠᠩᠰᠤ ᠵᠡᠷᠭᠡ ᠪᠦᠬᠦ ᠤᠯᠤᠰ ᠤᠨ ᠲᠣᠮᠣ ᠳᠤᠮᠳᠠ ᠬᠤᠳᠠ ᠳᠤ ᠪᠣᠷᠣᠯᠠᠭᠤᠯᠤᠭᠳᠠᠵᠤ ᠪᠠᠶᠢᠨ᠎ᠠ ᠂ ᠡᠭᠦᠨ ᠤ ᠬᠠᠮᠲᠤ ᠲᠢᠶᠠᠨ ᠮᠣᠣ ᠂ ᠲᠤᠤ ᠪᠦᠦ ᠵᠡᠷᠭᠡ ᠤᠯᠠᠨ ᠰᠦᠯᠵᠢᠶᠡᠨ ᠤ ᠬᠤᠳᠠᠯᠳᠤᠭᠠᠨ ᠤ ᠬᠤᠳᠠ ᠳᠤ ᠣᠷᠣᠵᠤ ᠰᠠᠭᠤᠭᠰᠠᠨ ᠪᠥᠭᠡᠳ ᠪᠢ ᠬᠦᠢ ᠶᠤᠸᠠᠨ ᠂ ᠪᠠᠩᠬᠢ ᠶᠢᠨ ᠬᠤᠯᠪᠣᠭᠠᠨ ᠤ ᠰᠢᠰᠲ᠋ᠧᠮ ᠵᠡᠷᠭᠡ ᠳᠣᠣᠷ᠎ᠠ ᠪᠠᠶᠢᠭᠤᠯᠤᠭᠰᠠᠨ ᠲᠠᠪᠴᠠᠩ ᠲᠠᠢ ᠬᠠᠮᠲᠤᠷᠠᠯᠴᠠᠵᠤ ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠶᠢ ᠤᠶᠠᠯᠳᠤᠭᠤᠯᠬᠤ ᠶᠢ ᠪᠡᠶᠡᠯᠡᠭᠦᠯᠪᠡ ᠃ ︽ ᠮᠥ᠋ᠩ ᠺᠸ ᠾᠧ ︾ ᠶᠢᠨ ᠨᠡᠷᠡᠳᠦ ᠲᠡᠮᠳᠡᠭ  ᠨᠢ ᠥᠪᠥᠷ ᠮᠣᠩᠭᠤᠯ ᠤᠨ ᠨᠡᠷᠡᠳᠦ ᠲᠠᠸᠠᠷ ᠤᠨ ᠲᠡᠮᠳᠡᠭ ᠢᠶᠠᠷ ᠦᠨᠡᠯᠡᠭᠳᠡᠵᠦ ᠂ ᠪᠦᠬᠦ ᠤᠯᠤᠰ ᠤᠨ ᠵᠠᠭᠤᠨ ᠬᠤᠷᠰᠢᠶᠠᠵᠢᠯ ᠤᠨ ᠵᠠᠭᠤᠨ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠳᠦ ᠲᠡᠮᠳᠡᠭ ᠢᠶᠠᠷ ᠰᠣᠩᠭᠤᠭᠳᠠᠵᠤ ᠂ ᠠᠷᠪᠠᠳᠤᠭᠠᠷ ᠬᠤᠭᠤᠴᠠᠭᠠᠨ ᠤ ᠪᠠ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠦᠵᠡᠰᠬᠦᠯᠡᠩ ᠳᠤ ᠣᠷᠣᠯᠴᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠨ ᠱᠠᠩᠨᠠᠯ ᠢ ᠬᠦᠷᠲᠡᠵᠡᠢ ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号