8 ᠰᠠᠷ᠎ᠠ ᠶᠢᠨ 28 ᠤ ᠡᠳᠦᠷ ᠂ ᠤᠯᠤᠰ ᠤᠨ ᠰᠢᠬᠢᠷᠯᠢᠭ ᠲᠠᠷᠢᠮᠠᠯ ᠤᠨ ᠠᠵᠤ ᠦᠢᠯᠡᠰ ᠤᠨ ᠮᠡᠷᠭᠡᠵᠢᠯ ᠤᠨ | ᠰᠢᠰᠲ᠋ᠧᠮᠵᠢ ᠶᠢᠨ ᠤᠤᠯ ᠤᠨ ᠠᠬᠠᠯᠠᠭᠴᠢ ᠰᠢᠨᠵᠢᠯᠡᠬᠦ ᠤᠬᠠᠭᠠᠨᠲᠠᠨ ᠪᠠᠢ ᠴᠧᠨ ᠰᠤᠳᠤᠯᠤᠭᠴᠢ ᠂ ᠤᠳᠤ ᠶᠢᠨ | ᠤᠯᠤᠰ ᠤᠨ ᠰᠢᠬᠢᠷᠯᠢᠭ ᠲᠠᠷᠢᠮᠠᠯ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠳᠡᠳ᠋ ᠠᠬᠠᠯᠠᠭᠴᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠯᠢ ᠰᠢᠶᠣᠣ ᠳ᠋ᠦᠩ | ᠰᠤᠳᠤᠯᠤᠭᠴᠢ ᠵᠢᠴᠢ ᠤᠯᠤᠰ ᠤᠨ ᠰᠢᠬᠢᠷᠯᠢᠭ ᠲᠠᠷᠢᠮᠠᠯ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ | ᠠᠵᠢᠯ ᠤᠨ ᠪᠠᠶᠢᠷᠢ ᠂ ᠥᠷᠲᠡᠭᠡᠨ ᠤ ᠲᠤᠰᠬᠠᠢ ᠮᠡᠷᠭᠡᠵᠢᠯᠲᠡᠨ ᠵᠠᠩ ᠬᠤᠢ ᠵᠦᠩ ᠰᠤᠳᠤᠯᠤᠭᠴᠢ ᠂ ᠫᠷᠤᠹᠧᠰᠰᠤᠷ ᠱᠢ | ᠱᠤ᠋ ᠳ᠋ᠧ ᠵᠡᠷᠭᠡ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ ᠲᠤ ᠬᠦᠷᠴᠦ ᠰᠢᠬᠢᠷ ᠯᠤᠤᠪᠠᠩ ᠤᠨ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠪᠠᠶᠢᠴᠠᠭᠠᠨ ᠵᠢᠯᠣᠭᠤᠳᠪᠠ᠃ | | | | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠤᠯᠤᠰ ᠤᠨ ᠰᠢᠬᠢᠷᠯᠢᠭ ᠲᠠᠷᠢᠮᠠᠯ ᠤᠨ ᠠᠵᠤ ᠦᠢᠯᠡᠰ ᠤᠨ | ᠮᠡᠷᠭᠡᠵᠢᠯ ᠤᠨ ᠰᠢᠰᠲ᠋ᠧᠮᠵᠢ ᠶᠢᠨ ᠰᠢᠬᠢᠷ ᠯᠤᠤᠪᠠᠩ ᠤᠨ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ | ᠦᠷᠳᠡᠭᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ 2023 ᠣᠨ ᠤ ᠭᠤᠣᠯᠳᠠᠯᠭ᠎ᠠ ᠲᠠᠢ | ᠡᠭᠦᠷᠭᠡ ᠶᠢᠨ ᠰᠢᠬᠢᠷ ᠲᠤ ᠬᠡᠷᠡᠭᠯᠡᠬᠦ ᠰᠢᠬᠢᠷ ᠯᠤᠤᠪᠠᠩ ᠤᠨ ᠰᠢᠨ᠎ᠡ ᠡᠭᠦᠯᠳᠡᠷ ᠢ ᠣᠷᠣᠨ ᠪᠦᠰᠡᠵᠢᠭᠦᠯᠦᠨ ᠬᠢᠨᠠᠨ | ᠲᠣᠭᠲᠠᠭᠠᠬᠤ ᠲᠤᠷᠰᠢᠯᠲᠠ ᠪᠠ ᠤᠯᠠᠭᠠᠨᠬᠠᠳᠠ ᠶᠢᠨ ᠣᠷᠣᠨ ᠪᠦᠰᠡ ᠶᠢᠨ ᠰᠢᠬᠢᠷ ᠯᠤᠤᠪᠠᠩ ᠤᠨ ᠲᠦᠷᠦᠯ ᠵᠦᠢᠯ ᠢ | ᠰᠢᠯᠢᠨ ᠰᠣᠩᠭᠤᠬᠤ ᠲᠤᠷᠰᠢᠯᠲᠠ ᠶᠢ ᠭᠤᠣᠯᠳᠠᠯᠭ᠎ᠠ ᠲᠠᠢ ᠪᠠᠶᠢᠴᠠᠭᠠᠪᠠ ᠃ | | | | ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠷᠢᠶᠠᠨ ᠭᠠᠵᠠᠷ ᠲᠤ ᠭᠦᠨᠵᠡᠭᠡᠶᠢᠷᠡᠨ ᠡᠯ᠎ᠡ ᠡᠭᠦᠯᠳᠡᠷ ᠤᠨ ᠣᠷᠣᠨ | ᠪᠦᠰᠡ ᠶᠢᠨ ᠵᠣᠬᠢᠴᠠᠬᠤ ᠴᠢᠨᠠᠷ᠂ ᠥᠰᠦᠯᠲᠡ ᠶᠢᠨ ᠣᠨᠴᠠᠯᠢᠭ᠂ ᠤᠷᠭᠤᠴᠠ ᠶᠢᠨ ᠪᠠᠶᠢᠳᠠᠯ᠂ ᠡᠪᠡᠳᠴᠢᠨ ᠢ | ᠡᠰᠡᠷᠭᠦᠴᠡᠬᠦ ᠴᠢᠨᠠᠷ ᠵᠡᠷᠭᠡ ᠭᠦᠢᠴᠡᠳᠬᠡᠯ ᠲᠤᠭ᠎ᠠ ᠶᠢ ᠨᠠᠷᠢᠨ ᠨᠢᠮᠪᠠᠢ ᠪᠠᠶᠢᠴᠠᠭᠠᠨ ᠰᠤᠳᠤᠯᠵᠤ᠂ ᠲᠤᠷᠰᠢᠯᠲᠠ ᠶᠢᠨ | ᠥᠨᠳᠥᠷ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠵᠢᠴᠢ ᠲᠠᠷᠢᠶᠠᠨ ᠭᠠᠵᠠᠷ ᠤᠨ ᠡᠮᠬᠢ ᠵᠢᠷᠤᠮ ᠲᠠᠢ ᠬᠠᠮᠢᠶᠠᠷᠤᠯᠲᠠ ᠶᠢ | ᠳᠡᠭᠡᠳᠦ ᠬᠡᠮᠵᠢᠶ᠎ᠡ ᠪᠠᠷ ᠦᠨᠡᠯᠡᠪᠡ᠃ ᠡᠭᠦᠨ ᠤ ᠬᠠᠮᠲᠤ᠂ ᠤᠯᠠᠭᠠᠨᠬᠠᠳᠠ ᠶᠢᠨ ᠭᠠᠵᠠᠷ ᠣᠷᠣᠨ ᠤ ᠣᠳᠣᠬᠢ ᠱᠠᠲᠤᠨ ᠤ | ᠰᠢᠬᠢᠷ ᠯᠤᠤᠪᠠᠩ ᠤᠨ ᠬᠦᠷᠡᠩ ᠲᠣᠯᠪᠣᠲᠤ ᠡᠪᠡᠳᠴᠢᠨ ᠵᠢᠴᠢ ᠰᠢᠬᠢᠷ ᠯᠤᠤᠪᠠᠩ ᠤᠨ ᠢᠳᠤᠬᠠᠨ ᠡᠷᠪᠡᠬᠡᠢ ᠶᠢᠨ | ᠡᠪᠡᠳᠴᠢᠨ ᠡᠭᠦᠰᠬᠦ ᠪᠠᠶᠢᠳᠠᠯ ᠵᠢᠴᠢ ᠰᠡᠷᠭᠡᠶᠢᠯᠡᠨ ᠵᠠᠰᠠᠬᠤ ᠠᠷᠭ᠎ᠠ ᠳᠤ ᠴᠢᠭᠯᠡᠭᠦᠯᠦᠨ ᠵᠢᠯᠤᠭᠤᠳᠬᠤ ᠴᠢᠨᠠᠷᠲᠠᠢ ᠰᠠᠨᠠᠯ | ᠥᠭᠭᠦᠭᠰᠡᠨ ᠪᠥᠭᠡᠳ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠬᠦᠷᠡᠩ ᠲᠣᠯᠪᠣᠲᠤ ᠡᠪᠡᠳᠴᠢᠨ ᠢ ᠡᠰᠡᠷᠭᠦᠴᠡᠬᠦ | ᠬᠢᠨᠠᠨ ᠲᠣᠭᠲᠠᠭᠠᠯᠲᠠ ᠳᠤ ᠨᠠᠷᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠭᠰᠡᠨ ᠪᠠᠶᠢᠨ᠎ᠠ᠃ ᠳᠠᠷᠠᠭ᠎ᠠ ᠨᠢ ᠂ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠤᠷᠢᠯᠭ᠎ᠠ ᠪᠠᠷ ᠤᠯᠠᠭᠠᠨᠬᠠᠳᠠ ᠶᠢᠨ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠰᠠᠨᠠᠯ | ᠰᠣᠯᠢᠯᠴᠠᠨ ᠵᠢᠯᠣᠭᠤᠳᠪᠠ ᠃ | ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠤᠨ ᠳᠡᠳ᠋ ᠳᠠᠷᠤᠭ᠎ᠠ ᠯᠢᠦ ᠬᠠᠨ ᠢᠦᠢ ᠂ ᠠᠵᠤ ᠠᠬᠤᠢ ᠶᠢᠨ ᠲᠠᠷᠢᠮᠠᠯ ᠤᠨ ᠰᠤᠳᠤᠯᠭᠠᠨ ᠤ ᠲᠠᠰᠤᠭ ᠤᠨ | ᠡᠷᠬᠢᠯᠡᠭᠴᠢ ᠬᠤᠤ ᠶᠦᠩ ᠯᠢ ᠵᠢᠴᠢ ᠰᠢᠨᠵᠢᠯᠡᠬᠦ ᠤᠬᠠᠭᠠᠨ ᠤ ᠰᠠᠯᠠᠭᠠᠨ ᠤ ᠲᠠᠰᠤᠭ ᠤᠨ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | |