ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑥ — ᠪᠠᠶᠠᠨᠨᠠᠭᠤᠷ ᠬᠤᠳᠠ ᠶᠢᠨ ᠪᠤᠭᠤᠳᠠᠢ ᠶᠢᠨ ︽ᠬᠤᠶᠠᠷ ᠢ ᠥᠭᠡᠷᠡᠴᠢᠯᠡᠵᠦ ᠭᠤᠷᠪᠠ ᠶᠢ ᠢᠵᠢ ᠪᠦᠷᠢᠳᠦᠭᠦᠯᠬᠦ︾ ᠵᠠᠭᠪᠤᠷ
ᠨᠡᠶᠢᠲᠡᠯᠡᠭᠰᠡᠨ ᠴᠠᠭ᠄
2023/8/30
      ᠪᠠᠶᠠᠨᠨᠠᠭᠤᠷ ᠬᠤᠲᠠ ᠪᠣᠯ ᠮᠠᠨ ᠤ ᠤᠯᠤᠰ ᠤᠨ ᠴᠢᠨᠠᠷ ᠰᠠᠶᠢᠲᠠᠢ ᠳᠤᠮᠳᠠ ᠰᠢᠨᠳᠠᠰᠤᠯᠢᠭ ᠪᠤᠭᠤᠳᠠᠢ ᠶᠢᠨ ᠭᠤᠣᠯ ᠭᠠᠷᠤᠯᠲᠠ ᠶᠢᠨ ᠣᠷᠣᠨ ᠪᠣᠯᠣᠨ᠎ᠠ ᠂ ᠭᠡᠪᠡᠴᠦ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠦᠭᠡᠢ ᠂ ᠬᠥᠷᠥᠰᠥᠨ ᠳᠤ ᠪᠣᠷᠳᠣᠭᠤᠷ ᠣᠷᠣᠭᠤᠯᠬᠤ ᠦᠭᠡᠢ ᠵᠡᠷᠭᠡ ᠠᠰᠠᠭᠤᠳᠠᠯ ᠣᠷᠣᠰᠢᠵᠤ ᠂ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠬᠢᠵᠠᠭᠠᠷᠯᠠᠵᠤ ᠪᠠᠶᠢᠨ᠎ᠠ ᠃ ᠣᠯᠠᠨ ᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠᠷ ᠳᠠᠮᠵᠢᠭᠤᠯᠤᠨ ︽ᠬᠤᠶᠠᠷ ᠢ ᠥᠭᠡᠷᠡᠴᠢᠯᠡᠵᠦ ᠭᠤᠷᠪᠠ ᠶᠢ ᠢᠵᠢ ᠪᠦᠷᠢᠳᠦᠭᠦᠯᠬᠦ︾ ᠪᠠᠷ ᠭᠤᠣᠯᠳᠠᠯᠭ᠎ᠠ ᠪᠣᠯᠭᠠᠭᠰᠠᠨ ᠪᠤᠭᠤᠳᠠᠢ ᠳᠠᠷᠢᠬᠤ ᠵᠠᠭᠪᠤᠷ ᠢ ᠪᠣᠶ ᠪᠣᠯᠭᠠᠵᠤ᠂ ᠵᠢᠯ ᠤᠨ ᠬᠡᠷᠡᠭᠯᠡᠭᠡᠨ ᠤ ᠲᠠᠯᠠᠪᠠᠶ ᠨᠢ 20 ᠲᠦᠮᠡᠨ ᠮᠦ ᠠᠴᠠ ᠳᠡᠭᠡᠭᠰᠢ ᠪᠠᠶᠢᠳᠠᠭ ᠃ ︵ ᠬᠤᠶᠠᠷ ᠢ ᠥᠭᠡᠷᠡᠴᠢᠯᠡᠬᠦ ᠄ ᠨᠢᠭᠡ ᠳᠤ ᠪᠣᠷᠳᠣᠭᠤᠷ ᠣᠷᠣᠭᠤᠯᠬᠤ ᠲᠦᠷᠦᠯ ᠵᠦᠢᠯ ᠪᠠ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ ᠥᠭᠡᠷᠡᠴᠢᠯᠡᠵᠦ ᠂ ᠡ᠊ᠩ ᠤᠨ ᠪᠣᠷᠳᠣᠭᠤᠷ ᠣᠷᠣᠭᠤᠯᠵᠤ ᠪᠠᠶᠢᠭᠰᠠᠨ ᠢ ᠰᠢᠨ᠎ᠡ ᠮᠠᠶ᠋ᠢᠭ ᠤᠨ ᠪᠣᠷᠳᠣᠭᠤᠷ ᠪᠣᠯᠭᠠᠨ ᠥᠭᠡᠷᠡᠴᠢᠯᠡᠵᠦ ᠂ ᠨᠠᠪᠴᠢᠨ ᠤ ᠨᠢᠭᠤᠷ ᠤᠨ ᠪᠣᠷᠳᠣᠭᠤᠷ ᠰᠦᠷᠴᠢᠨ ᠣᠷᠣᠭᠤᠯᠵᠤ ᠂ ᠡ᠊ᠩ ᠤᠨ ᠬᠢ ᠠᠴᠠ 10% ᠣᠷᠴᠢᠮ ᠢᠶᠠᠷ ᠪᠣᠷᠳᠤᠭᠤᠷ ᠪᠠᠭᠠᠰᠬᠠᠵᠤ᠂ ᠪᠣᠷᠳᠣᠭᠤᠷ ᠣᠷᠣᠭᠤᠯᠬᠤ ᠶᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠬᠤᠶᠠᠷ ᠲᠤ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠠᠭᠪᠤᠷ ᠢ ᠥᠭᠡᠷᠡᠴᠢᠯᠡᠵᠦ᠂ ᠪᠤᠭᠤᠳᠠᠢ ᠳᠤ ᠣᠷᠳᠣ ᠬᠤᠭᠤᠴᠠᠭ᠎ᠠ ᠪᠠᠷ ᠵᠥᠪᠬᠡᠨ ᠬᠤᠷᠣᠬᠠᠢ ᠠᠯᠠᠬᠤ ᠡᠮ ᠢᠶᠠᠷ ᠬᠤᠷᠣᠬᠠᠢ ᠠᠯᠠᠬᠤ ᠶᠢ ᠬᠤᠷᠤᠬᠠᠢ ᠠᠯᠠᠬᠤ ᠡᠮ᠂ ᠪᠠᠺᠲ᠋ᠧᠷᠢ ᠠᠯᠠᠬᠤ ᠡᠮ ᠵᠡᠷᠭᠡ ᠬᠤᠯᠢᠮᠠᠭ ᠨᠠᠶᠢᠷᠠᠯᠭ᠎ᠠ ᠶᠢ ᠶᠡᠷᠦᠩᠬᠡᠶᠢᠯᠡᠨ ᠬᠡᠷᠡᠭᠯᠡᠬᠦ ᠪᠣᠯᠭᠠᠨ ᠥᠭᠡᠷᠡᠴᠢᠯᠡᠵᠦ᠂ ᠡᠩ ᠤᠨ ᠬᠡᠷᠡᠭᠯᠡᠬᠦ ᠡᠮ ᠠᠴᠠ 20% ᠠᠴᠠ ᠳᠡᠭᠡᠭᠰᠢ ᠡᠮ ᠢ ᠪᠠᠭᠠᠰᠬᠠᠵᠤ᠂ ᠡᠮ ᠢ ᠪᠠᠭᠠᠰᠬᠠᠨ ᠬᠥᠨᠥᠭᠡᠯ ᠢ ᠬᠢᠵᠠᠭᠠᠷᠯᠠᠬᠤ ᠶᠢ ᠪᠡᠶᠡᠯᠡᠭᠦᠯᠪᠡ᠃ ᠭᠤᠷᠪᠠ ᠶᠢ ᠢᠵᠢ ᠪᠦᠷᠢᠳᠦᠭᠦᠯᠬᠦ᠄ ᠢᠵᠢ ᠪᠦᠷᠢᠳᠦᠭᠦᠯᠦᠨ ᠭᠦᠨ ᠰᠤᠯᠠᠷᠠᠭᠤᠯᠵᠤ ᠭᠦᠨ ᠤᠷᠪᠠᠭᠤᠯᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠵᠡᠷᠭᠡ ᠪᠠᠷ ᠭᠠᠵᠠᠷ ᠤᠨ ᠰᠢᠮ᠎ᠡ ᠶᠢ ᠨᠡᠮᠡᠭᠳᠡᠭᠦᠯᠪᠡ ᠃ ︶
图片1.jpg
      ᠭᠤᠤᠯ ᠠᠷᠭ᠎ᠠ ᠪᠠᠷᠢᠯ ᠄ ᠨᠢᠭᠡ ᠳᠤ ᠰᠠᠶᠢᠨ ᠡᠭᠦᠯᠳᠡᠷ ᠢ ᠰᠤᠩᠭᠤᠪᠠ᠃ ᠲᠤᠬᠠᠢ ᠶᠢᠨ ᠭᠠᠵᠠᠷ ᠲᠤ ᠲᠣᠬᠢᠷᠠᠬᠤ ᠶᠦᠩ ᠯᠢᠶᠠᠩ 4 ᠳ᠋ᠦ᠋ᠭᠡᠷ ᠂ ᠪᠠ ᠮᠠᠢ 13 ᠳ᠋ᠤᠭᠠᠷ ᠵᠡᠷᠭᠡ ᠰᠢᠯᠢᠳᠡᠭ ᠡᠭᠦᠯᠳᠡᠷ ᠢ ᠰᠣᠩᠭᠤᠵᠤ᠂  ᠴᠤᠯᠤ ᠶᠢᠨ ᠬᠡᠮᠵᠢᠶ᠎ᠡ 98% ᠂ ᠴᠡᠪᠡᠷᠴᠡ 99% ᠳᠤ ᠬᠦᠷᠴᠦ᠂ ᠨᠠᠬᠢᠶᠠᠯᠠᠬᠤ ᠨᠣᠷᠮ᠎ᠠ 95%   ᠠᠴᠠ ᠳᠣᠣᠷ᠎ᠠ ᠪᠠᠶᠢᠵᠤ ᠪᠣᠯᠬᠤ ᠦᠭᠡᠢ᠂ ᠤᠰᠤᠨ ᠤ ᠠᠭᠤᠯᠤᠭᠳᠠᠴᠠ ᠨᠢ 13.5%   ᠠᠴᠠ ᠪᠠᠭ᠎ᠠ ᠪᠠᠶᠢᠬᠤ ᠬᠡᠷᠡᠭᠲᠡᠢ᠃ ᠪᠤᠭᠤᠳᠠᠢ  ᠶᠢᠨ ᠳᠠᠷᠠᠭ᠎ᠠ ᠨᠣᠬᠠᠢ  ᠶᠢᠨ ᠬᠤᠰᠢᠭᠤ  ᠶᠢᠨ ᠡᠪᠡᠰᠦ  ᠶᠢ ᠳᠠᠬᠢᠨ ᠳᠠᠷᠢᠬᠤ ᠳᠤ ᠵᠣᠬᠢᠴᠠᠬᠤ ᠴᠢᠨᠠᠷ ᠢᠶᠠᠷ ᠴᠢᠩᠭ᠎ᠠ ᠨᠣᠬᠠᠢ  ᠶᠢᠨ ᠬᠤᠰᠢᠭᠤ  ᠶᠢᠨ ᠸᠠᠩ᠂ ᠯᠢᠨᠧᠷ᠂ ᠬᠠᠢ ᠸᠧᠢ ᠵᠡᠷᠭᠡ ᠰᠢᠯᠢᠳᠡᠭ ᠡᠭᠦᠯᠳᠡᠷ  ᠢ ᠰᠣᠩᠭᠤᠳᠠᠭ᠃ ᠬᠤᠶᠠᠷ ᠲᠤ ᠵᠠᠯᠭᠠᠯᠳᠤᠭᠰᠠᠨ ᠬᠡᠰᠡᠭ ᠢ ᠪᠠᠶᠢᠭᠤᠯᠪᠠ᠃ ᠨᠢᠭᠡᠳᠦᠯᠲᠡᠢ ᠳᠠᠷᠢᠬᠤ ᠲᠥᠷᠥᠯ ᠵᠦᠢᠯ᠂ ᠨᠢᠭᠡᠳᠦᠯᠲᠡᠢ ᠪᠣᠷᠳᠣᠭᠤᠷ ᠤᠰᠤᠨ ᠤ ᠬᠠᠮᠢᠶᠠᠷᠤᠯᠲᠠ᠂ ᠨᠢᠭᠡᠳᠦᠯᠲᠡᠢ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠮᠡᠷᠭᠡᠵᠢᠯ ᠤᠨ ᠵᠢᠯᠣᠭᠤᠳᠤᠯᠭ᠎ᠠ᠂ ᠨᠢᠭᠡᠳᠦᠯᠲᠡᠢ ᠮᠠᠰᠢᠨ ᠢᠶᠠᠷ ᠠᠵᠢᠯᠯᠠᠬᠤ ᠶᠢ ᠪᠠᠶᠢᠭᠤᠯᠤᠨ ᠪᠦᠲᠦᠭᠡᠵᠦ ᠵᠠᠯᠭᠠᠯᠳᠤᠭᠤᠯᠤᠨ ᠳᠠᠷᠢᠬᠤ ᠳᠤ᠂ ᠵᠠᠯᠭᠠᠯᠳᠤᠭᠤᠯᠤᠨ ᠳᠠᠷᠢᠬᠤ ᠨᠥᠬᠦᠪᠦᠷᠢ ᠶᠢ ᠭᠥᠷᠳᠡᠵᠦ᠂ ᠮᠦ ᠪᠦᠷᠢ ᠳᠤ 300 ᠲᠥᠭᠦᠷᠢᠭ ᠤᠯᠭᠤᠪᠠ ᠃ ᠭᠤᠷᠪᠠ ᠳᠤ ᠬᠠᠮᠢᠶᠠᠷᠤᠯᠲᠠ ᠶᠢ ᠰᠢᠯᠢᠳᠡᠭᠵᠢᠭᠦᠯᠪᠡ᠃ ︽ᠭᠤᠷᠪᠠ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠨᠢᠭᠡ ᠳᠤ ᠬᠠᠪᠤᠷ ᠤᠨ ᠭᠠᠩ ᠢ ᠰᠡᠷᠭᠡᠶᠢᠯᠡᠵᠦ᠂ ︵ᠨᠠᠮᠤᠷ︶ ᠭᠦᠨ ᠰᠤᠯᠠᠷᠠᠭᠤᠯᠵᠤ ᠭᠦᠨ ᠤᠷᠪᠠᠭᠤᠯᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠦᠢᠯᠡᠳᠦᠯ ᠢ ᠪᠠᠳᠠᠷᠠᠭᠤᠯᠪᠠ︔ ᠬᠤᠶᠠᠷ ᠲᠤ ᠡᠷᠲᠡ ᠮᠠᠭᠤᠳᠠᠬᠤ ᠶᠢ ᠰᠡᠷᠭᠡᠶᠢᠯᠡᠵᠦ ᠂ ᠤᠰᠤᠯᠠᠬᠤ ᠪᠣᠷᠳᠣᠭᠤᠷ  ᠪᠠ ᠰᠦᠷᠴᠢᠬᠦ ᠪᠤᠷᠳᠤᠭᠤᠷ ᠢ ᠬᠡᠷᠡᠭᠯᠡᠵᠦ ᠂ ᠬᠥᠷᠥᠰᠥᠨ ᠤ ᠰᠢᠮ᠎ᠡ ᠲᠡᠵᠢᠭᠡᠯ ᠬᠦᠷᠦᠯᠴᠡᠬᠦ ᠦᠭᠡᠢ ᠪᠠᠶᠢᠳᠠᠯ ᠢ ᠨᠥᠬᠦᠪᠦᠷᠢᠯᠡᠵᠦ ᠂ ᠰᠡᠭᠦᠯᠴᠢ ᠶᠢᠨ ᠬᠤᠭᠤᠴᠠᠭᠠᠨ ᠤ ᠪᠣᠷᠳᠣᠭᠤᠷ ᠠᠯᠳᠠᠬᠤ ᠶᠢ ᠤᠷᠢᠳᠴᠢᠯᠠᠨ ᠰᠡᠷᠭᠡᠶᠢᠯᠡᠪᠡ᠃ ᠭᠤᠷᠪᠠ ᠳᠤ ᠡᠪᠡᠳᠴᠢᠨ ᠬᠤᠷᠣᠬᠠᠢ ᠶᠢ ᠰᠡᠷᠭᠡᠶᠢᠯᠡᠵᠦ᠂ ᠪᠤᠭᠤᠳᠠᠢ ᠶᠢᠨ ᠲᠦᠷᠦᠭᠦᠸ ᠶᠢᠨ ᠬᠤᠭᠤᠴᠠᠭᠠᠨ ᠳᠤ᠂ ᠡᠭᠡᠳᠡᠩ ᠴᠢᠳᠬᠤᠬᠤ ᠬᠤᠭᠤᠴᠠᠭᠠᠨ ᠳᠤ ᠬᠤᠷᠣᠬᠠᠢ ᠠᠯᠠᠬᠤ ᠡᠮ᠂ ᠪᠠᠺᠲ᠋ᠧᠷᠢ ᠠᠯᠠᠬᠤ ᠡᠮ ᠵᠡᠷᠭᠡ ᠬᠤᠯᠢᠮᠠᠭ ᠨᠠᠶᠢᠷᠠᠯᠭ᠎ᠠ ᠶᠢ ᠰᠦᠷᠴᠢᠨ ᠤᠷᠤᠭᠤᠯᠪᠠ᠃ ᠳᠥᠷᠪᠡ ᠳᠤ ᠤᠬᠠᠭᠤᠯᠭ᠎ᠠ ᠶᠢ ᠴᠢᠩᠭᠠᠳᠬᠠᠪᠠ᠃ ᠡᠯ᠎ᠡ ᠪᠠᠯᠭᠠᠰᠤ ︵ ᠲᠠᠷᠢᠶᠠᠯᠠᠩ ᠤᠨ ᠲᠠᠯᠠᠪᠠᠢ ︶ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠲᠦᠷᠦᠭᠦᠯᠡᠨ ᠪᠠᠯᠭᠠᠰᠤ ᠂ ᠲᠣᠰᠬᠤᠨ ᠂ ᠳᠤᠭᠤᠶᠢᠯᠠᠩ ᠤᠨ ᠺᠠᠳ᠋ᠷᠴᠤᠳ ᠤᠨ ︽ ᠭᠤᠷᠪᠠᠨ ᠡᠩᠨᠡᠭᠡ ︾ ᠶᠢ ᠵᠣᠬᠢᠶᠠᠨ ᠪᠠᠶᠢᠭᠤᠯᠵᠤ ᠂ ᠲᠠᠷᠢᠶᠠᠨ ᠭᠠᠵᠠᠷ ᠲᠤ ᠭᠦᠨᠵᠡᠭᠡᠶᠢᠷᠡᠨ ᠂ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭᠠᠨ ᠤ ᠠᠮᠤᠷ ᠲᠦᠪᠰᠢᠨ ᠤ ᠤᠬᠠᠮᠰᠠᠷ ᠢ  ᠨᠢ ᠨᠡᠮᠡᠭᠳᠡᠭᠦᠯᠵᠦ ᠂ ᠥᠷᠭᠡᠨ ᠤᠯᠠᠨ ᠲᠦᠮᠡᠨ ᠤ ᠪᠤᠭᠤᠳᠠᠢ ᠲᠠᠷᠢᠬᠤ ᠢᠳᠡᠪᠬᠢᠵᠢᠯ ᠢ ᠨᠢ ᠳᠡᠭᠡᠭᠰᠢᠯᠡᠭᠦᠯᠪᠡ᠃ 
图片2.jpg
      ᠤᠨᠠᠯᠲᠠ ᠶᠢ ᠬᠡᠮᠵᠢᠨ ᠪᠠᠶᠢᠴᠠᠭᠠᠭᠰᠠᠨ ᠢᠶᠠᠷ ᠂ 2023 ᠣᠨ ᠤ ᠪᠤᠭᠤᠳᠠᠢ ᠶᠢᠨ ᠬᠠᠮᠤᠭ ᠤᠨ ᠥᠨᠳᠥᠷ ᠤᠨᠠᠯᠲᠠ 683.46 ᠺᠢᠯᠣᠭ᠍ᠷᠠᠮ ᠳᠤ ᠬᠦᠷᠴᠦ ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ ᠃ ᠳᠤᠮᠳᠠᠴᠢ ᠤᠨᠠᠯᠲᠠ ᠨᠢ 466.7kg / ᠮᠦ ᠳᠤ ᠬᠦᠷᠴᠦ ᠂ ᠮᠦ ᠪᠦᠷᠢ ᠶᠢᠨ ᠡᠩ ᠤᠨ ᠤᠨᠠᠯᠲᠠ ᠲᠠᠢ ᠬᠠᠷᠢᠴᠠᠭᠤᠯᠪᠠᠯ 52.3kg ᠨᠡᠮᠡᠭᠳᠡᠵᠦ ᠂ ᠪᠤᠭᠤᠳᠠᠢ ᠶᠢᠨ ᠲᠠᠷᠠᠭ᠎ᠠ ᠪᠠᠷ ᠳᠠᠬᠢᠨ ᠳᠠᠷᠢᠭᠰᠠᠨ ᠨᠣᠬᠠᠢ ᠶᠢᠨ ᠬᠤᠰᠢᠭᠤ ᠶᠢᠨ ᠡᠪᠡᠰᠦ ᠶᠢ ᠮᠦ ᠪᠦᠷᠢ ᠳᠤ 600kg/ᠮᠦ ᠳᠤ ᠬᠠᠭᠤᠷᠠᠢ ᠡᠪᠡᠰᠦᠨ ᠤ ᠭᠠᠷᠤᠯᠲᠠ ᠪᠠᠷ ᠪᠤᠳᠤᠪᠠᠯ ᠮᠦ ᠪᠦᠷᠢ ᠳᠤ 1040 ᠲᠥᠭᠦᠷᠢᠭ ᠤᠨ ᠣᠷᠣᠯᠭ᠎ᠠ ᠣᠯᠵᠤ ᠂ ᠮᠦ ᠪᠦᠷᠢ ᠶᠢᠨ ᠳᠤᠮᠳᠠᠴᠢ ᠴᠡᠪᠡᠷ ᠣᠷᠣᠯᠭ᠎ᠠ 1880 ᠲᠥᠭᠦᠷᠢᠭ ᠲᠤ ᠬᠦᠷᠪᠡ᠃ ᠳᠥᠷᠪᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠨ ᠳᠡᠭᠡᠭᠰᠢᠯᠡᠭᠦᠯᠵᠦ ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠭᠠᠰᠬᠠᠵᠤ ᠂ ᠠᠮᠢ ᠠᠬᠤᠢ ᠶᠢᠨ ᠠᠮᠤᠷ ᠲᠦᠪᠰᠢᠨ ᠢ ᠠᠬᠢᠭᠤᠯᠪᠠ᠃ ᠲᠣᠰ ᠵᠠᠭᠪᠤᠷ ᠢ ᠪᠠᠶᠠᠨᠨᠠᠭᠤᠷ ᠬᠤᠲᠠ ᠳᠤ ᠨᠢᠭᠡᠨᠲᠡ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠬᠥᠬᠡᠬᠤᠲᠠ᠂ ᠪᠤᠭᠤᠲᠤ᠂ ᠣᠷᠳᠣᠰ ᠤᠨ ᠠᠮᠢ ᠠᠬᠤᠢ ᠶᠢᠨ ᠲᠥᠷᠥᠯ ᠬᠡᠯᠪᠡᠷᠢ ᠪᠠᠷ ᠠᠳᠠᠯᠢ ᠭᠠᠵᠠᠷ ᠣᠷᠣᠨ ᠳᠤ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号