| | 8 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠰᠬᠠᠯᠳᠠ ᠶᠢᠨ | ᠪᠣᠯᠪᠠᠰᠤᠷᠠᠯ ᠤᠨ ᠠᠩᠭᠢ ᠤᠯᠠᠭᠠᠨᠬᠠᠳᠠ ᠬᠤᠲᠠ ᠳᠤ ᠬᠤᠷᠠᠯᠳᠤᠬᠤ ᠶᠢᠨ ᠬᠠᠮᠲᠤ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠪᠣᠯᠪᠠᠰᠤᠷᠠᠯ ᠦᠷᠨᠢᠭᠦᠯᠪᠡ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠦ᠋ ᠵᠦᠩ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ | | | | | ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠳᠡᠪ ᠠᠮᠤ | ᠡᠯᠳᠡᠪ ᠪᠤᠷᠴᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ | ᠬᠤᠪᠢᠰᠬᠠᠯᠳᠠ ᠶᠢᠨ ᠲᠥᠪ ᠤᠯᠠᠭᠠᠨᠬᠠᠳᠠ ᠳᠤ ᠪᠠᠶᠢᠭᠤᠯᠤᠭᠳᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ | ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠬᠦ ᠰᠠᠭᠤᠷᠢᠨ ᠤ ︽ ᠲᠠᠷᠢᠶ᠎ᠠ ᠦᠵᠡᠵᠦ ᠦᠷ᠎ᠡ ᠰᠣᠩᠭᠤᠬᠤ ︾ ᠲᠠᠪᠴᠠᠩ ᠂ | ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ ᠤᠨ ᠨᠡᠪᠴᠢᠭᠦᠯᠬᠦ ᠲᠥᠪ ᠵᠡᠷᠭᠡ 2 ᠵᠢᠱᠢᠶ᠎ᠡ ᠦᠵᠡᠭᠦᠯᠬᠦ ᠴᠡᠭ ᠢ ᠲᠣᠭᠤᠷᠢᠨ | ᠦᠵᠡᠵᠦ᠂ ᠠᠮᠤ ᠪᠤᠳᠠᠭ᠎ᠠ ᠂ ᠰᠢᠰᠢ ᠂ ᠰᠢᠷ᠎ᠠ ᠪᠤᠷᠴᠠᠭ ᠂ ᠡᠷᠳᠡᠨᠢ ᠰᠢᠰᠢ ᠵᠡᠷᠭᠡ ᠰᠢᠯᠢᠳᠡᠭ ᠦᠷ᠎ᠡ ᠶᠢᠨ ᠢᠷᠡᠯᠲᠡ ᠶᠢ | ᠪᠣᠶᠢᠵᠢᠭᠤᠯᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠰᠬᠠᠯᠳᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠪᠣᠯᠪᠠᠰᠤᠷᠠᠯ ᠤᠨ ᠬᠤᠷᠠᠯ ᠳᠡᠭᠡᠷ᠎ᠡ᠂ | ᠣᠷᠣᠨ ᠤ ᠳᠣᠲᠣᠨ᠎ᠠ ᠭᠠᠳᠠᠨᠠᠬᠢ 6 ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠵᠢᠴᠢ | ᠦᠷ᠎ᠡ ᠪᠦᠲᠦᠭᠡᠯ ᠤᠨ ᠬᠤᠪᠢᠰᠬᠠᠯᠳᠠ ᠶᠢᠨ ᠲᠠᠯ᠎ᠠ ᠪᠠᠷ ᠪᠣᠯᠪᠠᠰᠤᠷᠠᠯ ᠬᠢᠪᠡ᠃ 6 ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠬᠦ ᠬᠤᠰᠢᠭᠤ ᠰᠢᠶᠠᠨ ᠤ ᠣᠨᠴᠠ | ᠲᠣᠮᠢᠯᠠᠭᠰᠠᠨ ᠪᠦᠯᠬᠦᠮ ᠤᠨ ᠳᠠᠷᠤᠭ᠎ᠠ ᠂ 3 ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ | ᠬᠠᠷᠢᠭᠤᠴᠠᠯᠭᠠᠲᠠᠨ ᠂ 3 ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠡᠶᠢᠲᠡᠯᠢᠭ ᠵᠢᠱᠢᠶ᠎ᠡ ᠶᠢᠨ ᠶᠠᠷᠢᠶ᠎ᠠ ᠲᠠᠯᠪᠢᠵᠠᠢ ᠃ | | | | | ᠬᠤᠷᠠᠯ ᠠᠴᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠬᠦᠴᠦᠯᠡᠬᠦ ᠴᠡᠭ ᠪᠣᠯᠣᠨ᠎ᠠ ᠃ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠦᠢᠯᠡᠳᠪᠦᠷᠢᠯᠡᠬᠦ ᠂ ᠰᠤᠷᠤᠯᠴᠠᠬᠤ ᠂ ᠰᠤᠳᠤᠯᠬᠤ ᠭᠤᠷᠪᠠᠨ ᠲᠠᠯ᠎ᠠ ᠶᠢᠨ ᠬᠠᠮᠲᠤᠷᠠᠯ ᠤᠨ | ᠬᠦᠴᠦᠨ ᠢ ᠨᠢᠭᠲᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠬᠤᠪᠢᠰᠬᠠᠯᠳᠠ ᠶᠢ ᠲᠦᠷᠭᠡᠳᠬᠡᠵᠦ ᠂ ᠰᠢᠨ᠎ᠡ ᠶᠢ ᠡᠭᠦᠳᠬᠦ ᠬᠡᠯᠬᠢᠶ᠎ᠡ ᠂ ᠠᠵᠤ ᠦᠢᠯᠡᠰ ᠤᠨ | ᠬᠡᠯᠬᠢᠶ᠎ᠡ ᠂ ᠪᠡᠯᠡ ᠮᠥᠩᠭᠦᠨ ᠤ ᠬᠡᠯᠬᠢᠶ᠎ᠡ ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ | ᠬᠡᠷᠡᠭᠲᠡᠢ ᠃ ᠰᠢᠶᠠᠨ ᠤ ᠬᠡᠪᠴᠢᠶᠡᠨ ᠳᠤ ᠰᠠᠭᠤᠷᠢᠯᠠᠵᠤ ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ | ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ | ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠦᠷ᠎ᠡ ᠪᠦᠲᠦᠭᠡᠯ ᠤᠨ ᠬᠤᠪᠢᠰᠬᠠᠯᠳᠠ ᠶᠢᠨ ᠬᠠᠩᠭᠠᠯᠭ᠎ᠠ | ᠬᠡᠷᠡᠭᠴᠡᠭᠡ ᠶᠢ ᠠᠭᠤᠰᠤᠯᠴᠠᠭᠤᠯᠬᠤ ᠲᠣᠭᠲᠠᠴᠠ ᠶᠢ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠪᠡᠯᠡ ᠮᠥᠩᠭᠦ ᠶᠢᠨ | ᠣᠷᠣᠭᠤᠯᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠰᠬᠠᠯᠳᠠ ᠶᠢᠨ ᠪᠡᠯᠡ ᠮᠥᠩᠭᠦ ᠶᠢ | ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠷᠠᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠬᠡᠷᠡᠭᠲᠡᠢ ᠃ ᠦᠷ᠎ᠡ ᠪᠦᠲᠦᠭᠡᠯ ᠤᠨ ᠬᠤᠪᠢᠰᠬᠠᠯᠳᠠ ᠶᠢ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ | ᠬᠤᠪᠢᠰᠬᠠᠯᠳᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠬᠤᠷᠠᠯ ᠠᠴᠠ ᠂ ︽ᠭᠠᠵᠠᠷ ᠰᠢᠷᠣᠢ ᠪᠠᠷ ᠠᠮᠤ ᠲᠠᠷᠢᠶ᠎ᠠ ᠶᠢ ᠪᠠᠲᠤᠯᠠᠬᠤ᠂ ᠤᠷ᠎ᠠ ᠮᠡᠷᠭᠡᠵᠢᠯ ᠢᠶᠠᠷ ᠪᠤᠳᠠᠭᠠᠨ ᠤ | ᠤᠨᠠᠯᠲᠠ ᠶᠢ ᠳᠡᠭᠡᠭᠰᠢᠯᠡᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ ᠂ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯᠳᠠ ᠶᠢ | ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠂ ᠡᠯ᠎ᠡ | ᠪᠦᠯᠬᠦᠮ ᠤᠨ ᠪᠦᠷᠢᠯᠳᠦᠭᠦᠨ ᠨᠠᠷ ᠬᠠᠮᠵᠢᠯᠴᠠᠭ᠎ᠠ ᠪᠠᠨ ᠴᠢᠩᠭᠠᠳᠬᠠᠵᠤ ᠂ ᠲᠤᠰ ᠭᠠᠵᠠᠷ ᠣᠷᠣᠨ ᠤ ᠴᠢᠳᠠᠪᠤᠷᠢᠲᠠᠨ ᠤ | ︽ ᠤᠯᠠᠮᠵᠢᠯᠠᠬᠤ ᠬᠠᠪᠰᠤᠷᠬᠤ ᠳᠠᠭᠠᠭᠤᠯᠬᠤ ︾ ᠶᠢ ᠠᠬᠢᠭᠤᠯᠵᠤ ᠂ ︽ ᠨᠢᠭᠡ ᠬᠥᠮᠥᠨ ᠢ ᠬᠦᠮᠦᠵᠢᠭᠦᠯᠵᠦ ᠨᠢᠭᠡ ᠭᠡᠷ ᠢ | ᠪᠠᠶᠠᠵᠢᠭᠤᠯᠵᠤ ᠂ ᠨᠢᠭᠡ ᠬᠡᠰᠡᠭ ᠢ ᠳᠠᠶᠢᠴᠢᠯᠠᠬᠤ︾ ᠶᠢ ᠪᠡᠶᠡᠯᠡᠭᠦᠯᠬᠦ ᠬᠡᠷᠡᠭᠲᠡᠢ ᠃ ᠬᠠᠮᠲᠤᠷᠠᠯᠴᠠᠭᠠᠨ ᠤ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ ᠂ ᠠᠵᠤ ᠦᠢᠯᠡᠰ ᠢ ᠭᠦᠨᠵᠡᠭᠡᠢ ᠬᠥᠮᠥᠵᠢᠭᠦᠯᠵᠦ ᠂ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠰᠢᠶᠠᠨ ᠢ ᠰᠠᠶᠢᠲᠤᠷ ᠠᠰᠢᠭᠯᠠᠵᠤ ᠂ ︽ ᠨᠢᠭᠡ ᠰᠢᠶᠠᠨ ᠨᠢᠭᠡ ᠪᠦᠯᠬᠦᠮ︾ ᠤᠨ ᠠᠷᠭ᠎ᠠ | ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ ᠤᠶᠤᠨ ︾ ᠢ ᠳᠡᠭᠡᠭᠰᠢᠯᠡᠭᠦᠯᠬᠦ ᠪᠥᠭᠡᠳ | ᠴᠢᠨᠠᠷ ᠢ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠰᠬᠠᠯᠳᠠ ᠶᠢᠨ ᠲᠠᠪᠴᠠᠩ ᠢ ᠰᠠᠶᠢᠲᠤᠷ ᠪᠠᠶᠢᠭᠤᠯᠵᠤ ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠣᠷᠣᠯᠴᠠᠬᠤ ᠶᠢ | ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠬᠤ ᠬᠡᠷᠡᠭᠲᠡᠢ ᠃ ᠳᠡᠯᠭᠡᠷᠡᠭᠦᠯᠬᠦ ᠵᠠᠭᠪᠤᠷ ᠤᠨ ᠰᠢᠨ᠎ᠡ ᠶᠢ | ᠡᠭᠦᠳᠴᠦ ᠂ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠭᠡᠯ ᠢ ᠤᠯᠠᠨ ᠠᠷᠭ᠎ᠠ ᠵᠠᠮ ᠂ ᠤᠯᠠᠨ ᠠᠷᠭ᠎ᠠ ᠬᠡᠯᠪᠡᠷᠢ ᠪᠠᠷ | ᠳᠡᠯᠭᠡᠨ ᠦᠵᠡᠭᠦᠯᠵᠦ ᠂ ᠨᠡᠶᠢᠲᠡᠯᠢᠭ ᠲᠤᠷᠰᠢᠯᠭ᠎ᠠ ᠶᠢᠨ ᠳ᠋ᠦᠩᠨᠡᠯᠲᠡ ᠶᠢ ᠰᠠᠶᠢᠲᠤᠷ ᠬᠢᠵᠦ ᠂ ᠳᠡᠯᠭᠡᠷᠡᠭᠦᠯᠵᠦ ᠪᠣᠯᠬᠤ ᠂ | ᠬᠠᠭᠤᠯᠪᠤᠷᠢᠯᠠᠵᠤ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠂ ᠨᠢᠭᠡᠴᠢ ᠂ ᠡᠯ᠎ᠡ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠨᠢᠭᠡᠴᠢ ᠶᠢᠨ | ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠣᠷᠣᠨ ᠤ ᠳᠣᠲᠣᠷᠠᠬᠢ ᠬᠠᠮᠢᠶ᠎ᠠ ᠪᠦᠬᠦᠢ ᠳᠡᠭᠡᠳᠦ | ᠰᠤᠷᠭᠠᠭᠤᠯᠢ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠵᠠᠢ᠃ | |