ᠠᠯᠠᠱᠠ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠥᠪᠡᠷᠮᠢᠴᠡ ᠣᠨᠴᠠᠯᠢᠭ ᠲᠠᠢ᠂ ᠬᠡᠷᠡᠯ | ᠢᠯᠴᠢ ᠶᠢᠨ ᠡᠬᠢ ᠪᠠᠶᠠᠯᠢᠭ ᠡᠯᠪᠡᠭ ᠂ ᠬᠢᠷᠠᠭᠤ ᠦᠭᠡᠢ ᠬᠤᠭᠤᠴᠠᠭ᠎ᠠ ᠣᠷᠳᠣ ᠪᠣᠯᠬᠤᠷ ᠡᠷᠳᠡᠨᠢ ᠰᠢᠰᠢ ᠳᠠᠷᠢᠬᠤ ᠳᠤ | ᠲᠣᠬᠢᠷᠠᠮᠵᠢᠲᠠᠢ ᠪᠠᠶᠢᠵᠤ᠂ ᠡᠷᠳᠡᠨᠢ ᠰᠢᠰᠢ ᠨᠢ ᠲᠠᠷᠢᠶᠠᠯᠠᠭ᠎ᠠ ᠶᠢᠨ ᠶᠡᠷᠦᠩᠬᠡᠢ ᠲᠠᠯᠠᠪᠠᠶ ᠶᠢᠨ ᠢᠶᠠᠨ ᠲᠤᠯᠤᠭᠠᠨ ᠬᠤᠪᠢ | ᠣᠷᠴᠢᠮ ᠢ ᠡᠵᠡᠯᠡᠨ᠎ᠡ᠃ ᠤᠰᠤ ᠳᠤᠲᠠᠭᠳᠠᠬᠤ ᠪᠣᠭᠤᠮᠢ ᠶᠢ ᠰᠢᠢᠳᠪᠦᠷᠢᠯᠡᠬᠦ ᠶᠢᠨ ᠲᠥᠯᠥᠭᠡ᠂ ᠪᠥᠬᠦ ᠠᠶᠢᠮᠠᠭ ᠤᠨ | ᠬᠢᠨ ᠢᠨᠵᠧᠨᠧᠷᠢᠩ ᠢᠶᠠᠷ ᠤᠰᠤ ᠠᠷᠪᠢᠯᠠᠬᠤ᠂ ᠲᠠᠷᠢᠶᠠᠯᠠᠩ ᠤᠨ ᠮᠡᠷᠭᠡᠵᠢᠯ ᠢᠶᠠᠷ ᠤᠰᠤ ᠠᠷᠪᠢᠯᠠᠬᠤ ᠪᠠ ᠪᠦᠲᠦᠴᠡ | ᠪᠠᠷ ᠤᠰᠤ ᠠᠷᠪᠢᠯᠠᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠶᠡᠷᠦᠩᠬᠡᠶᠢᠯᠡᠭᠰᠡᠨ ᠤᠰᠤ ᠠᠷᠪᠢᠯᠠᠬᠤ ᠠᠷᠭ᠎ᠠ | ᠬᠡᠮᠵᠢᠶ᠎ᠡ ᠶᠢ ᠶᠡᠭᠡ ᠪᠠᠷ ᠳᠡᠯᠭᠡᠷᠡᠭᠦᠯᠵᠦ᠂ ᠣᠯᠠᠨ ᠵᠢᠯ ᠤᠨ ᠵᠢᠱᠢᠶ᠎ᠡ ᠦᠵᠡᠭᠦᠯᠦᠭᠰᠡᠨ ᠰᠠᠭᠤᠷᠢᠨ ᠳᠡᠭᠡᠷ᠎ᠡ | ︽ᠬᠠᠭᠤᠷᠠᠢ ᠪᠠᠷ ᠳᠠᠷᠢᠵᠤ ᠨᠣᠶᠢᠲᠠᠨ ᠢᠶᠠᠷ ᠭᠠᠷᠭᠠᠬᠤ︾ ᠭᠦᠶᠦᠬᠡᠨ ᠪᠤᠯᠠᠵᠤ ᠤᠰᠤᠯᠠᠬᠤ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠢᠶᠠᠷ ᠭᠤᠣᠯᠳᠠᠯᠭ᠎ᠠ ᠪᠣᠯᠭᠠᠭᠰᠠᠨ ᠡᠷᠳᠡᠨᠢ ᠰᠢᠰᠢ ᠳᠠᠷᠢᠬᠤ ᠵᠠᠭᠪᠤᠷ ᠢ ᠪᠣᠶ ᠪᠣᠯᠭᠠᠵᠤ᠂ | ᠵᠢᠯ ᠤᠨ ᠬᠡᠷᠡᠭᠯᠡᠭᠡᠨ ᠤ ᠲᠠᠯᠠᠪᠠᠶ ᠨᠢ 30 ᠲᠦᠮᠡᠨ ᠮᠦ ᠠᠴᠠ ᠳᠡᠭᠡᠭᠰᠢ ᠪᠠᠶᠢᠵᠤ᠂ ᠮᠦ ᠪᠦᠷᠢ ᠶᠢᠨ ᠤᠨᠠᠯᠲᠠ ᠨᠢ | 1200 ᠺᠢᠯᠣᠭ᠍ᠷᠠᠮ ᠣᠷᠴᠢᠮ ᠬᠦᠷᠴᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ | | | | | ᠭᠤᠣᠯ ᠠᠷᠭ᠎ᠠ ᠪᠠᠷᠢᠯ ᠄ ᠨᠢᠭᠡ ᠳᠤ ᠲᠠᠷᠢᠶᠠᠨ ᠭᠠᠵᠠᠷ ᠤᠨ ᠳᠤᠲᠠᠭᠤᠳᠠᠯ ᠢ ᠨᠥᠬᠦᠪᠦᠷᠢᠯᠡᠵᠦ ᠂ ᠰᠠᠭᠤᠷᠢ ᠶᠢ | ᠪᠠᠲᠤᠳᠬᠠᠪᠠ᠃ ᠣᠳᠣᠬᠠᠨ ᠳᠤ᠂ ᠪᠥᠬᠦ ᠠᠶᠢᠮᠠᠭ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ | 44.92 ᠲᠦᠮᠡᠨ ᠮᠦ ᠪᠠᠶᠢᠭᠤᠯᠵᠤ᠂ ᠪᠥᠬᠦ ᠲᠠᠷᠢᠶᠠᠨ ᠭᠠᠵᠠᠷ ᠤᠨ 50% ᠣᠷᠴᠢᠮ ᠢ ᠡᠵᠡᠯᠡᠵᠦ᠂ ᠲᠠᠷᠢᠶᠠᠨ | ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ | ︽ᠬᠠᠭᠤᠷᠠᠢ ᠪᠠᠷ ᠳᠠᠷᠢᠵᠤ ᠨᠣᠶᠢᠲᠠᠨ ᠢᠶᠠᠷ ᠭᠠᠷᠭᠠᠬᠤ︾ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ᠃ ᠡᠭᠦᠨ ᠤ ᠬᠠᠮᠲᠤ ᠳᠣᠣᠷ᠎ᠠ ᠳᠠᠷᠤᠯᠲᠠᠲᠤ ᠬᠤᠭᠤᠯᠠᠢ ᠶᠢᠨ ᠰᠢᠰᠲ᠋ᠧᠮ ᠪᠣᠯᠣᠨ ᠣᠨᠴᠠ ᠬᠢᠴᠡᠳᠦ | ᠤᠰᠤᠯᠠᠭᠤᠷ ᠲᠤ ᠲᠦᠰᠢᠭᠯᠡᠨ᠂ ᠤᠰᠤᠨ ᠪᠣᠷᠳᠣᠭᠤᠷ ᠢ ᠲᠠᠷᠢᠮᠠᠯ ᠤᠨ ᠦᠨᠳᠦᠰᠦ ᠶᠢᠨ ᠬᠡᠰᠡᠭ ᠲᠤ ᠵᠢᠭᠳᠡ᠂ | ᠣᠨᠣᠪᠴᠢᠲᠠᠶ ᠪᠠᠷ ᠰᠢᠭᠤᠳ ᠬᠦᠷᠭᠡᠵᠦ᠂ ᠴᠢᠬᠢ ᠶᠢ ᠴᠢᠭᠢᠷᠠᠭᠵᠢᠭᠤᠯᠤᠨ ᠦᠨᠳᠦᠰᠦ ᠶᠢ ᠨᠢ ᠴᠢᠩᠭᠠᠷᠠᠭᠤᠯᠵᠤ ᠂ | ᠤᠨᠠᠯᠲᠠ ᠶᠢ ᠨᠢ ᠨᠡᠮᠡᠭᠳᠡᠭᠦᠯᠪᠡ᠃ ᠬᠤᠶᠠᠷ ᠲᠤ ᠮᠡᠷᠭᠡᠵᠢᠯ ᠤᠨ ᠪᠤᠯᠪᠠᠰᠤᠷᠠᠯ ᠢ ᠨᠡᠮᠡᠭᠳᠡᠭᠦᠯᠵᠦ᠂ ᠪᠣᠳᠠᠲᠠᠶᠢᠵᠢᠭᠤᠯᠬᠤ | ᠨᠣᠷᠮ᠎ᠠ ᠶᠢ ᠳᠡᠭᠡᠭᠰᠢᠯᠡᠭᠦᠯᠪᠡ᠃ ᠪᠥᠬᠦ ᠠᠶᠢᠮᠠᠭ ᠤᠨ ᠬᠢᠨ ᠰᠢᠷᠣᠢ ᠶᠢᠨ ᠪᠣᠷᠳᠣᠭᠤᠷ ᠤᠨ ᠮᠡᠷᠭᠡᠵᠢᠯ ᠤᠨ ᠡᠩᠨᠡᠭᠡ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠠᠷᠢᠶᠠᠴᠢᠳ ᠲᠤ ᠬᠠᠨᠳᠤᠭᠤᠯᠤᠭᠰᠠᠨ ᠮᠡᠷᠭᠡᠵᠢᠯ ᠤᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠂ ᠲᠣᠰᠬᠤᠨ ᠳᠤ ᠣᠷᠣᠵᠤ ᠡᠷᠦᠬᠡ ᠳᠤ ᠣᠷᠣᠬᠤ᠂ ᠴᠡᠭ ᠲᠤ | ᠰᠠᠭᠤᠵᠤ ᠬᠡᠰᠡᠭ ᠢ ᠳᠠᠭᠠᠭᠠᠴᠢᠯᠠᠬᠤ ᠬᠡᠯᠪᠡᠷᠢ ᠶᠢ ᠠᠪᠴᠤ᠂ ᠲᠠᠷᠢᠶᠠᠴᠢᠳ ᠢ ᠵᠢᠯᠣᠭᠤᠳᠤᠨ ᠡᠯ᠎ᠡ ᠵᠦᠢᠯ ᠤᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠷᠳᠡᠨᠢ ᠰᠢᠰᠢ ᠶᠢᠨ ︽ᠬᠠᠭᠤᠷᠠᠢ ᠪᠠᠷ ᠳᠠᠷᠢᠵᠤ | ᠨᠣᠶᠢᠲᠠᠨ ᠢᠶᠠᠷ ᠭᠠᠷᠭᠠᠬᠤ︾ ᠮᠡᠷᠭᠡᠵᠢᠯ ᠢ ᠳᠡᠯᠭᠡᠷᠡᠭᠦᠯᠬᠦ ᠳᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠭᠤᠷᠪᠠ ᠳᠤ | ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠵᠤ᠂ ᠥᠨᠳᠥᠷ ᠤᠨᠠᠯᠲᠠ ᠶᠢ ᠪᠤᠢ ᠪᠤᠯᠭᠠᠪᠠ᠃ | ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ︽ᠬᠠᠭᠤᠷᠠᠢ ᠪᠠᠷ | ᠳᠠᠷᠢᠵᠤ ᠨᠣᠶᠢᠲᠠᠨ ᠢᠶᠠᠷ ᠭᠠᠷᠭᠠᠬᠤ︾ ᠵᠡᠷᠭᠡ ᠮᠡᠷᠭᠡᠵᠢᠯ ᠬᠢᠭᠡᠳ ᠭᠤᠣᠯᠯᠠᠬᠤ ᠡᠭᠦᠯᠳᠡᠷ ᠢ ᠲᠥᠪᠯᠡᠷᠡᠭᠦᠯᠦᠨ | ᠤᠭᠰᠠᠷᠠᠬᠤ ᠶᠢ ᠠᠬᠢᠭᠤᠯᠤᠨ᠂ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠪᠡ᠃ 2022 ᠣᠨ ᠳᠤ ᠪᠥᠬᠦ ᠠᠶᠢᠮᠠᠭ ᠤᠨ ᠬᠡᠪᠴᠢᠶᠡᠨ ᠳᠤ 5 | ᠲᠦᠮᠡᠨ ᠮᠦ᠂ 24 ᠮᠢᠩᠭᠠᠨ ᠮᠦ ᠵᠣᠷ ᠢ ᠡᠭᠦᠳᠦᠨ ᠪᠠᠶᠢᠭᠤᠯᠵᠤ᠂ ᠬᠠᠭᠤᠷᠠᠢ ᠪᠠᠷ ᠳᠠᠷᠢᠵᠤ ᠨᠣᠶᠢᠲᠠᠨ ᠢᠶᠠᠷ ᠭᠠᠷᠭᠠᠬᠤ | ︽ᠭᠦᠶᠦᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ | ᠲᠥᠪᠯᠡᠷᠡᠭᠦᠯᠦᠨ ᠳᠡᠯᠭᠡᠷᠡᠭᠦᠯᠵᠦ᠂ ᠵᠢᠱᠢᠶ᠎ᠡ ᠦᠵᠡᠭᠦᠯᠬᠦ ᠣᠷᠣᠨ ᠤ ᠳᠣᠲᠣᠷᠠᠬᠢ ᠲᠠᠯᠠᠪᠠᠢ ᠨᠢᠭᠡᠴᠢ ᠶᠢᠨ ᠳᠤᠮᠳᠠᠴᠢ | ᠤᠨᠠᠯᠲᠠ ᠨᠢ ᠮᠦ ᠪᠦᠷᠢ 1156.3 ᠺᠢᠯᠣᠭ᠍ᠷᠠᠮ ᠪᠠᠶᠢᠵᠤ᠂ ᠡᠷᠬᠢᠨ ᠲᠣᠭᠤᠷᠢᠨ ᠤ ᠭᠠᠵᠠᠷ ᠣᠷᠣᠨ ᠤ10.5% ᠠᠴᠠ | ᠥᠨᠳᠥᠷ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠦᠷ | ᠤᠷᠭᠤᠭᠤᠯᠤᠭᠰᠠᠨ ᠪᠠᠶᠢᠨ᠎ᠠ᠃ | | | | | | ᠲᠣᠰ ᠵᠠᠭᠪᠤᠷ ᠢ ᠬᠡᠷᠡᠭᠯᠡᠪᠡᠯ᠂ ᠮᠦ ᠪᠦᠷᠢ ᠳᠤ ᠳᠤᠮᠳᠠᠴᠢ ᠪᠠᠷ 62.7 ᠲᠥᠭᠦᠷᠢᠭ ᠤᠨ ᠤᠰᠤ ᠴᠠᠬᠢᠯᠭᠠᠨ ᠤ | ᠰᠦᠢᠳᠬᠡᠯ ᠢ ᠠᠷᠪᠢᠯᠠᠨ᠎ᠠ ᠃ ᠪᠠᠶᠢᠴᠠᠭᠠᠯᠲᠠ ᠪᠠᠷ ᠳᠠᠮᠵᠢᠭᠠᠳ᠂ ᠶᠡᠭᠡ ᠤᠰᠤ ᠪᠠᠷ ᠨᠡᠯᠦᠩᠬᠡᠢ ᠤᠰᠤᠯᠠᠬᠤ ᠦᠶ᠎ᠡ ᠳᠤ | ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠨᠠᠭᠠᠲᠤ ᠵᠠᠬ᠎ᠠ ᠳᠠᠭᠠᠨ 38 ᠺᠢᠯᠣᠭ᠍ᠷᠠᠮ / ᠮᠦ ︵ᠴᠡᠪᠡᠷ ᠬᠡᠮᠵᠢᠶ᠎ᠡ︶ | ᠪᠠᠶᠢᠯᠭᠠᠵᠤ᠂ ︽ᠬᠠᠭᠤᠷᠠᠢ ᠪᠠᠷ ᠳᠠᠷᠢᠵᠤ ᠨᠣᠶᠢᠲᠠᠨ ᠢᠶᠠᠷ ᠭᠠᠷᠭᠠᠬᠤ︾ ᠪᠠᠷ ᠭᠦᠶᠦᠬᠡᠨ ᠪᠤᠯᠠᠵᠤ ᠳᠤᠰᠤᠯᠭᠠᠨ | ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤ ᠳᠠᠷᠠᠭ᠎ᠠ 29 ᠺᠢᠯᠣᠭ᠍ᠷᠠᠮ / ᠮᠦ ᠪᠣᠯᠭᠠᠨ | ᠪᠠᠭᠤᠷᠠᠭᠤᠯᠵᠤ᠂ ᠮᠦ ᠪᠦᠷᠢ ᠳᠤ ᠳᠤᠮᠳᠠᠴᠢ ᠪᠠᠷ 40 ᠲᠥᠭᠦᠷᠢᠭ ᠪᠣᠷᠳᠣᠭᠤᠷ ᠠᠷᠪᠢᠯᠠᠵᠤ᠂ ᠮᠦ ᠪᠦᠷᠢ ᠶᠢᠨ | ᠳᠤᠮᠳᠠᠴᠢ ᠤᠨᠠᠯᠲᠠ ᠶᠢ 150 ᠺᠢᠯᠣᠭ᠍ᠷᠠᠮ ᠨᠡᠮᠡᠭᠳᠡᠭᠦᠯᠵᠦ᠂ ᠮᠦ ᠪᠦᠷᠢ ᠶᠢᠨ ᠣᠷᠣᠯᠭ᠎ᠠ ᠶᠢ 215 ᠲᠥᠭᠦᠷᠢᠭ | ᠨᠡᠮᠡᠭᠳᠡᠭᠦᠯᠪᠡ᠃ ᠡᠷᠳᠡᠨᠢ ᠰᠢᠰᠢ ᠶᠢ ︽ᠬᠠᠭᠤᠷᠠᠢ ᠪᠠᠷ ᠳᠠᠷᠢᠵᠤ ᠨᠣᠶᠢᠲᠠᠨ ᠢᠶᠠᠷ ᠭᠠᠷᠭᠠᠬᠤ︾ ᠭᠦᠶᠦᠬᠡᠨ ᠪᠤᠯᠠᠵᠤ | ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ ᠶᠢᠨ ᠬᠠᠮᠲᠤ᠂ | ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠲᠠᠷᠢᠶᠠᠴᠢᠨ ᠠᠶᠢᠯ ᠤᠨ ᠪᠣᠷᠳᠣᠭᠤᠷ ᠢ ᠨᠡᠮᠡᠵᠦ ᠣᠷᠣᠭᠤᠯᠬᠤ ᠵᠡᠷᠭᠡ | ᠠᠷᠭ᠎ᠠ ᠬᠡᠮᠵᠢᠶ᠎ᠡ ᠶᠢ ᠬᠠᠮᠵᠢᠯᠴᠠᠨ ᠬᠡᠷᠡᠭᠵᠢᠭᠦᠯᠵᠦ᠂ ᠤᠰᠤ ᠠᠷᠪᠢᠯᠠᠬᠤ᠂ ᠪᠣᠷᠳᠣᠭᠤᠷ ᠢ ᠠᠷᠪᠢᠯᠠᠬᠤ᠂ ᠦᠷ᠎ᠡ | ᠠᠰᠢᠭ ᠢ 30% ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ | 40% ᠳᠤ ᠬᠦᠷᠦᠭᠦᠯᠪᠡ᠃ | | | | | | ᠲᠣᠰ ᠵᠠᠭᠪᠤᠷ ᠢ ᠨᠢᠭᠡᠨᠲᠡ ᠠᠯᠠᠱᠠ ᠵᠡᠭᠦᠨ ᠬᠤᠰᠢᠭᠤ᠂ ᠢᠬᠡᠷ᠎ᠡ ᠬᠤᠳᠳᠤᠭ ᠤᠨ ᠲᠠᠩ ᠤᠨ ᠵᠢᠱᠢᠶ᠎ᠡ | ᠦᠵᠡᠭᠦᠯᠬᠦ ᠣᠷᠣᠨ ᠳᠤ ᠳᠡᠯᠭᠡᠷᠡᠭᠦᠯᠵᠦ᠂ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠱᠠᠲᠤᠨ ᠳᠤ ᠣᠷᠣᠵᠠᠢ᠂ | ᠲᠣᠰ ᠵᠠᠭᠪᠤᠷ ᠢ ᠠᠯᠠᠱᠠ ᠠᠶᠢᠮᠠᠭ ᠵᠢᠴᠢ ᠡᠷᠬᠢᠨ ᠲᠣᠭᠤᠷᠢᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ | ᠭᠠᠵᠠᠷ ᠣᠷᠣᠨ ᠳᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠳᠡᠯᠭᠡᠷᠡᠭᠦᠯᠵᠦ ᠪᠣᠯᠣᠨ᠎ᠠ᠃ | | | | |