︽ᠭᠤᠷᠪᠠᠨ ᠭᠤᠷᠪᠠ︾ ᠳᠤ ᠠᠩᠬᠠᠷᠤᠯ ᠢᠶᠠᠨ ᠲᠥᠪᠯᠡᠷᠡᠭᠦᠯᠵᠦ ᠤᠰᠤᠨ ᠲᠤᠲᠤᠷᠭ᠎ᠠ ᠶᠢᠨ ᠪᠥᠬᠦ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ ---- ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠦ ᠺᠦᠨ ᠤᠰᠤᠨ ᠲᠤᠲᠤᠷᠭ᠎ᠠ ᠳᠠᠷᠢᠬᠤ ᠲᠤᠰᠬᠠᠢ ᠬᠤᠷᠰᠢᠶ᠎ᠠ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2023/8/4
      ᠡᠦ ᠺᠦᠨ ᠤᠰᠤᠨ ᠲᠤᠲᠤᠷᠭ᠎ᠠ ᠲᠠᠷᠢᠬᠤ ᠲᠤᠰᠬᠠᠢ ᠬᠤᠷᠰᠢᠶ᠎ᠠ 2012 ᠣᠨ ᠳᠤ ᠪᠠᠶᠢᠭᠤᠯᠤᠭᠳᠠᠵᠤ ᠂ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠢᠷᠵᠢ ᠪᠠᠯᠭᠠᠰᠤᠨ ᠳᠤ ᠪᠠᠶᠢᠷᠢᠯᠠᠵᠤ ᠂ ᠡᠷᠬᠢᠨ ᠲᠣᠭᠤᠷᠢᠨ ᠤ ᠠᠶᠢᠯ ᠲᠣᠰᠬᠤᠨ ᠪᠣᠯ ᠤᠰᠤᠨ ᠲᠤᠲᠤᠷᠭ᠎ᠠ ᠶᠢᠨ ᠤᠯᠠᠮᠵᠢᠯᠠᠯᠲᠤ ᠦᠢᠯᠡᠳᠪᠦᠷᠢᠯᠡᠯ ᠤᠨ ᠣᠷᠣᠨ ᠪᠣᠯᠣᠨ᠎ᠠ ᠃ ᠬᠤᠷᠰᠢᠶ᠎ᠠ ︽ ᠭᠤᠷᠪᠠ ᠶᠢ  ᠭᠤᠣᠯᠯᠠᠭᠤᠯᠤᠨ᠂ ᠭᠤᠷᠪᠠ ᠶᠢ ᠪᠣᠲᠠᠲᠠᠶᠢᠵᠢᠭᠤᠯᠵᠤ  ᠂ ᠭᠤᠷᠪᠠ ᠶᠢ ᠤᠳᠣᠬᠢᠴᠢᠯᠠᠬᠤ︾ ᠵᠠᠭᠪᠤᠷ ᠢ ᠪᠠᠷᠢᠮᠲᠠᠯᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠂ ᠲᠠᠷᠢᠶᠠᠯᠠᠩ ᠤᠨ ᠮᠠᠰᠢᠨ ᠂ ᠲᠠᠷᠢᠶᠠᠯᠠᠩ ᠤᠨ ᠮᠡᠷᠭᠡᠵᠢᠯ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ ᠭᠦᠨᠵᠡᠭᠡᠢ ᠤᠶᠠᠯᠳᠤᠭᠤᠯᠵᠤ ᠂ ᠤᠰᠤᠨ ᠲᠤᠲᠤᠷᠭ᠎ᠠ ᠲᠠᠷᠢᠬᠤ ᠠᠴᠠ ᠡᠮᠦᠨᠡᠬᠢ ᠂ ᠤᠨᠠᠯᠲᠠ ᠶᠢᠨ ᠳᠤᠮᠳᠠᠬᠢ ᠂ ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ ᠬᠡᠯᠬᠢᠶ᠎ᠡ ᠶᠢᠨ ᠪᠦᠬᠦ ᠶᠠᠪᠤᠴᠠ ᠶᠢ ᠨᠠᠪᠲᠠᠷᠡᠭᠦᠯᠵᠦ ᠂ ︽ ᠲᠠᠷᠢᠶᠠᠯᠠᠬᠤ ᠂ ᠲᠠᠷᠢᠬᠤ ᠂ ᠰᠡᠷᠭᠡᠶᠢᠯᠡᠬᠦ ᠂ ᠬᠤᠷᠢᠶᠠᠬᠤ ᠂ ᠨᠥᠭᠡᠴᠡᠯᠡᠬᠦ ᠂ ᠨᠡᠮᠡᠬᠦ ᠂ ᠵᠥᠭᠡᠭᠡᠪᠦᠷᠢᠯᠡᠬᠦ ᠂ ᠪᠣᠷᠣᠯᠠᠭᠤᠯᠬᠤ ︾  ᠶᠢ ᠨᠢᠭᠡ ᠴᠣᠭᠴᠠᠵᠢᠭᠤᠯᠤᠭᠰᠠᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠪᠦᠬᠦ ᠬᠡᠯᠬᠢᠶ᠎ᠡ ᠶᠢ ᠪᠦᠷᠢᠯᠳᠦᠭᠦᠯᠵᠡᠢ᠃      ᠨᠢᠭᠡ ᠂ ︽ ᠭᠤᠷᠪᠠ ᠶᠢ ᠭᠤᠣᠯᠯᠠᠭᠤᠯᠬᠤ ︾ ᠳᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠬᠢᠭᠤᠯᠪᠠ      ᠨᠢᠭᠡ ᠳᠤ ᠂ ᠪᠦᠬᠦ ᠲᠣᠰᠬᠤᠨ ᠢᠶᠠᠷ ᠭᠤᠣᠯᠯᠠᠭᠤᠯᠤᠨ ᠠᠬᠢᠭᠤᠯᠪᠠ᠃ ᠬᠤᠷᠰᠢᠶ᠎ᠠ ᠨᠢ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠠᠵᠢᠯᠯᠠᠭᠠᠨ ᠤ ᠵᠠᠭᠪᠤᠷ ᠢ ᠬᠡᠷᠡᠭᠯᠡᠨ᠂ ᠱᠠᠲᠤ ᠬᠤᠪᠢᠶᠠᠨ ᠬᠤᠳᠠᠯᠳᠤᠨ ᠠᠪᠬᠤ᠂ ᠶᠠᠰᠤ ᠴᠢᠨᠠᠷ ᠢᠶᠠᠷ ᠦᠨ᠎ᠡ ᠲᠣᠭᠲᠠᠭᠠᠬᠤ᠂ ᠴᠢᠨᠠᠷ ᠰᠠᠶᠢᠲᠠᠢ ᠳᠤ  ᠨᠢ ᠰᠠᠶᠢᠨ ᠦᠨ᠎ᠡ ᠥᠭᠬᠦ ᠵᠠᠷᠴᠢᠮ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠦᠨ᠎ᠡ ᠠᠴᠠ 5% ᠶᠢᠨ ᠥᠨᠳᠥᠷ ᠦᠨ᠎ᠡ ᠪᠠᠷ ᠪᠦᠷᠢᠯᠳᠦᠭᠦᠨ ᠠᠴᠠ ᠪᠠᠨ ᠦᠢᠯᠡᠳᠬᠦᠨ ᠬᠤᠳᠠᠯᠳᠤᠨ ᠠᠪᠴᠤ᠂ 8 ᠲᠣᠰᠬᠤᠨ ᠤ 2180 ᠡᠷᠦᠬᠡ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠵᠤ᠂ ᠵᠢᠯ ᠪᠦᠷᠢ ᠡᠷᠦᠬᠡ ᠪᠦᠷᠢ ᠶᠢᠨ ᠣᠷᠣᠯᠭ᠎ᠠ ᠶᠢ 2 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃ ᠬᠤᠶᠠᠷ ᠲᠤ ᠭᠠᠵᠠᠷ ᠰᠢᠷᠣᠢ ᠶᠢ ᠡᠷᠭᠢᠯᠲᠡ ᠳᠤ ᠤᠷᠤᠭᠤᠯᠪᠠ ᠃ ᠬᠤᠷᠰᠢᠶ᠎ᠠ ᠨᠢ ᠡᠵᠡᠩᠨᠡᠯᠲᠡ ᠶᠢᠨ ᠴᠢᠳᠠᠪᠤᠷᠢ ᠦᠭᠡᠢ ᠂ ᠵᠢᠯ ᠲᠤᠷᠰᠢ ᠭᠠᠳᠠᠭᠰᠢ ᠭᠠᠷᠴᠤ ᠬᠥᠯᠥᠰᠦᠨ ᠠᠵᠢᠯ ᠬᠢᠳᠡᠭ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ ᠂ ᠲᠤᠬᠠᠢ ᠶᠢᠨ ᠵᠢᠯ ᠤᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠮᠥᠩᠭᠦ ᠶᠢ ᠨᠢᠭᠡ ᠯᠡ ᠤᠳᠠᠭ᠎ᠠ ᠶᠢᠨ ᠴᠢᠨᠠᠷᠲᠠᠢ ᠥᠭᠪᠡ᠃ 2022 ᠣᠨ ᠳᠤ ᠂ ᠬᠤᠷᠰᠢᠶ᠎ᠠ ᠨᠢ ᠮᠦ ᠪᠦᠷᠢ ᠮᠢᠩᠭᠠᠨ ᠲᠥᠭᠦᠷᠢᠭ ᠤᠨ ᠦᠨ᠎ᠡ ᠪᠠᠷ 1.2 ᠲᠦᠮᠡᠨ ᠮᠦ ᠶᠢᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ ᠂ ᠲᠠᠷᠢᠶᠠᠴᠢᠨ ᠡᠷᠦᠬᠡ ᠶᠢ ᠲᠠᠶᠢᠴᠢᠯᠠᠨ ᠭᠠᠳᠠᠭᠰᠢ ᠭᠠᠷᠴᠤ ᠠᠵᠢᠯ ᠬᠢᠬᠦ ᠪᠠ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠳᠠᠮᠵᠢᠨ ︽ ᠬᠤᠣᠰ ᠣᠷᠣᠯᠭ᠎ᠠ ︾  ᠶᠢ ᠨᠡᠮᠡᠭᠳᠡᠭᠦᠯᠵᠡᠢ ᠃ ᠭᠤᠷᠪᠠ ᠳᠤ ᠂ ᠪᠣᠬᠢᠷᠲᠤᠯ ᠦᠭᠡᠢ ᠬᠥᠭᠵᠢᠯᠲᠡ ᠶᠢᠨ ᠲᠣᠭᠤᠷᠢᠨ ᠳᠤ ᠬᠦᠭᠵᠢᠭᠦᠯᠪᠡ᠃ ᠬᠤᠷᠰᠢᠶ᠎ᠠ ᠨᠢ ᠪᠣᠬᠢᠷᠲᠤᠯ ᠦᠭᠡᠢ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ ᠂ ᠨᠢᠭᠡᠳᠦᠯᠲᠡᠢ ᠲᠦᠷᠦᠯ ᠵᠦᠢᠯ ᠂ ᠨᠢᠭᠡᠳᠦᠯᠲᠡᠢ ᠮᠡᠷᠭᠡᠵᠢᠯ ᠂ ᠨᠢᠭᠡᠳᠦᠯᠲᠡᠢ ᠬᠤᠳᠠᠯᠳᠤᠨ ᠠᠪᠬᠤ  ᠂  ᠨᠢᠭᠡᠳᠦᠯᠲᠡᠢ ᠡᠳ᠋ᠰᠢᠭᠦᠯᠬᠦ ᠂ ᠨᠢᠭᠡᠳᠦᠯᠲᠡᠢ ᠪᠣᠷᠣᠯᠠᠭᠤᠯᠬᠤ ︽ ᠲᠠᠪᠤ ᠶᠢ ᠨᠢᠭᠡᠳᠬᠡᠬᠦ ︾  ᠶᠢ ᠪᠡᠶᠡᠯᠡᠭᠦᠯᠵᠡᠢ ᠃ 2022 ᠣᠨ ᠳᠤ ᠂ ᠬᠤᠷᠰᠢᠶ᠎ᠠ ᠶᠢᠨ ᠳᠠᠷᠢᠭᠰᠠᠨ ᠪᠣᠬᠢᠷᠲᠤᠯ ᠦᠭᠡᠢ ᠣᠷᠭᠠᠨᠢᠭ ᠰᠧᠯᠧᠨ ᠡᠯᠪᠡᠭ ᠤᠰᠤᠨ ᠲᠤᠲᠤᠷᠭ᠎ᠠ 4.4 ᠲᠦᠮᠡᠨ ᠮᠦ ᠳᠤ ᠬᠦᠷᠴᠦ ᠂ ᠮᠦ ᠪᠦᠷᠢ ᠶᠢᠨ ᠤᠨᠠᠯᠲᠠ 50 ᠵᠢᠩ ᠨᠡᠮᠡᠭᠳᠡᠵᠦ ᠂ ᠣᠷᠣᠯᠭ᠎ᠠ  ᠨᠢ ᠴᠦ 50 ᠲᠥᠭᠦᠷᠢᠭ ᠨᠡᠮᠡᠭᠳᠡᠵᠡᠢ ᠃
图片1.png
      ᠬᠤᠶᠠᠷ᠂ ︽ᠭᠤᠷᠪᠠ ᠶᠢ ᠪᠣᠳᠠᠲᠠᠶᠢᠵᠢᠭᠤᠯᠬᠤ︾ ᠦᠢᠯᠡᠴᠢᠯᠡᠭᠡᠨ ᠳᠤ ᠠᠩᠬᠠᠷᠤᠯ ᠢᠶᠠᠨ ᠲᠥᠪᠯᠡᠷᠡᠭᠦᠯᠪᠡ      ᠨᠢᠭᠡ ᠳᠤ ᠂ ᠦᠢᠯᠡᠴᠢᠯᠡᠭᠡᠨ ᠤ ᠲᠣᠭᠲᠠᠴᠠ ᠶᠢ ᠤᠨᠢᠨ ᠲᠡᠭᠡᠷ᠎ᠡ ᠨᠢ ᠪᠠᠶᠢᠷᠢᠯᠠᠭᠤᠯᠪᠠ᠃ ᠬᠤᠷᠰᠢᠶ᠎ᠠ ᠠᠴᠠ ᠤᠰᠤᠨ ᠲᠤᠲᠤᠷᠭ᠎ᠠ ᠲᠠᠷᠢᠬᠤ ᠦᠢᠯᠡᠴᠢᠯᠡᠭᠡᠨ ᠤ ᠲᠥᠰᠥᠯ ᠪᠠ ᠠᠵᠢᠯ ᠤᠨ ᠳᠦᠷᠢᠮ ᠢ ᠲᠣᠭᠲᠠᠭᠠᠵᠤ ᠂ ᠦᠢᠯᠡᠴᠢᠯᠡᠭᠡᠨ ᠤ ᠠᠵᠢᠯ ᠤᠨ ᠳᠤᠭᠤᠶᠢᠯᠠᠩ ᠪᠠᠶᠢᠭᠤᠯᠵᠤ ᠂ ᠲᠠᠷᠢᠶᠠᠴᠢᠨ ᠡᠷᠤᠭᠡ ᠳᠤ ᠪᠣᠬᠢᠷᠲᠤᠯ ᠦᠭᠡᠢ ᠣᠷᠭᠠᠨᠢᠭ ᠦᠢᠯᠡᠳᠪᠦᠷᠢᠯᠡᠯ ᠤᠨ ᠮᠡᠷᠭᠡᠵᠢᠯ ᠵᠡᠷᠭᠡ ᠤᠬᠠᠭᠤᠯᠭ᠎ᠠ ᠪᠣᠯᠪᠠᠰᠤᠷᠠᠯ ᠬᠢᠵᠦ ᠂ ᠡᠷᠬᠢᠨ ᠲᠣᠭᠤᠷᠢᠨ ᠤ 3000 ᠭᠠᠷᠤᠢ ᠲᠠᠷᠢᠶᠠᠴᠢᠨ ᠡᠷᠤᠭᠡ ᠳᠤ ᠦᠢᠯᠡᠴᠢᠯᠡᠪᠡ ᠃ ᠬᠤᠶᠠᠷ ᠲᠤ ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ  ᠪᠣᠲᠠᠲᠠᠶᠢᠵᠢᠭᠤᠯᠪᠠ ᠃ ᠬᠤᠷᠰᠢᠶ᠎ᠠ ᠠᠴᠠ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠤᠷᠢᠵᠤ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ ᠂ ᠲᠤᠬᠠᠢ ᠶᠢᠨ ᠲᠠᠯᠠᠪᠠᠢ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ ᠶᠢ ᠥᠷᠨᠢᠭᠦᠯᠪᠡ ᠃ ᠠᠳᠠᠯᠢ ᠪᠤᠰᠤ ᠭᠠᠵᠠᠷ ᠣᠷᠣᠨ ᠳᠤ ᠴᠢᠭᠯᠡᠭᠦᠯᠦᠨ ᠂ ᠬᠥᠷᠥᠰᠥ ᠰᠢᠷᠣᠢ ᠶᠢ ᠨᠢ ᠦᠵᠡᠵᠦ ᠨᠠᠶᠢᠷᠠᠯᠭ᠎ᠠ ᠲᠠᠢ ᠪᠠᠷ ᠪᠣᠷᠳᠣᠭᠤᠷ ᠣᠷᠣᠭᠤᠯᠬᠤ ᠠᠵᠢᠯ ᠢ ᠥᠷᠨᠢᠭᠦᠯᠵᠦ ᠂ ᠲᠠᠷᠢᠶᠠᠴᠢᠳ ᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠬᠡᠷᠡᠭᠯᠡᠬᠦ᠂ ᠵᠦᠢ ᠵᠣᠬᠢᠰᠲᠠᠢ ᠪᠠᠷ ᠡᠮ ᠬᠡᠷᠡᠭᠯᠡᠭᠦᠯᠦᠨ ᠂ ᠤᠰᠤᠨ ᠲᠤᠲᠤᠷᠭ᠎ᠠ ᠶᠢᠨ ᠶᠠᠰᠤ ᠴᠢᠨᠠᠷ ᠤᠨ ᠠᠶᠤᠯᠭᠦᠢ ᠪᠠᠶᠢᠬᠤ ᠶᠢ ᠦᠨᠡᠨ ᠬᠦ ᠪᠠᠲᠤᠯᠠᠨ᠎ᠠ ᠃ ᠭᠤᠷᠪᠠ ᠳᠤ ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠢ ᠪᠣᠳᠠᠲᠠᠶᠢᠵᠢᠭᠤᠯᠪᠠ ᠃ ᠬᠤᠷᠰᠢᠶ᠎ᠠ ᠨᠢ ᠡᠷᠤᠭᠡ ᠶᠢᠨ ᠪᠠᠶᠢᠳᠠᠯ ᠳᠤ  ᠨᠢ ᠲᠣᠬᠢᠷᠠᠭᠤᠯᠤᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠶᠠᠳᠠᠭᠤ ᠠᠴᠠ ᠠᠩᠭᠢᠵᠢᠷᠠᠭᠤᠯᠬᠤ ᠡᠷᠤᠭᠡ ᠶᠢᠨ ᠬᠥᠭᠵᠢᠯᠲᠡ ᠶᠢ ᠲᠠᠶᠢᠴᠢᠯᠠᠪᠠ ᠃ ᠭᠡᠷ ᠤᠨ ᠬᠥᠳᠡᠯᠮᠦᠷᠢ  ᠬᠦᠴᠦ ᠨᠢ ᠨᠡᠯᠢᠶᠡᠳ ᠪᠠᠭᠤᠷᠠᠢ ᠮᠥᠷᠲᠡᠭᠡᠨ ᠭᠠᠳᠠᠭᠰᠢ ᠭᠠᠷᠴᠤ ᠬᠥᠯᠥᠰᠦᠨ ᠠᠵᠢᠯ ᠬᠢᠬᠦ ᠶᠢᠨ ᠠᠷᠭ᠎ᠠ ᠦᠭᠡᠢ ᠪᠠᠶᠢᠪᠠᠯ ᠂ ᠦᠢᠯᠡᠳᠪᠦᠷᠢ ᠳᠤ ᠲᠣᠬᠢᠷᠠᠭᠤᠯᠵᠤ ᠲᠣᠭᠲᠠᠪᠤᠷᠢᠲᠠᠢ ᠠᠵᠢᠯ ᠤᠯᠭᠤᠪᠠ ᠂ ᠠᠵᠢᠯ ᠣᠯᠵᠤ ᠳᠡᠶᠢᠯᠬᠦ ᠦᠭᠡᠢ ᠪᠣᠯ ᠰᠢᠭᠤᠳ ᠠᠰᠢᠭ ᠬᠤᠪᠢᠶᠠᠷᠢᠯᠠᠪᠠ ᠃ ᠣᠳᠣᠬᠠᠨ ᠳᠤ ᠂ ᠨᠡᠶᠢᠳᠡ 1124 ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠂ ᠬᠥᠮᠥᠨ ᠪᠦᠷᠢ ᠶᠢᠨ ᠵᠢᠯ ᠤᠨ ᠣᠷᠣᠯᠭ᠎ᠠ ᠶᠢ 3000 ᠲᠥᠭᠦᠷᠢᠭ ᠨᠡᠮᠡᠭᠳᠡᠭᠦᠯᠪᠡ ᠃
图片2.png
      ᠭᠤᠷᠪᠠ᠂ ︽ᠭᠤᠷᠪᠠ ᠶᠢ ᠤᠳᠣᠬᠢᠴᠢᠯᠠᠬᠤ ︾ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠬᠢᠶ᠎ᠡ ᠶᠢ  ᠴᠢᠩᠭᠠᠳᠬᠠᠪᠠ      ᠨᠢᠭᠡ ᠳᠤ ᠂ ᠲᠠᠷᠢᠮᠠᠯ ᠢ ᠬᠡᠪᠴᠢᠶᠡᠵᠢᠭᠦᠯᠪᠡ᠃ ᠬᠤᠷᠰᠢᠶ᠎ᠠ ᠨᠢ ᠦᠢᠯᠡᠳᠪᠦᠷᠢᠯᠡᠬᠦ ᠠᠴᠠ ᠡᠮᠦᠨᠡᠬᠢ ᠂ ᠦᠢᠯᠡᠳᠪᠦᠷᠢᠯᠡᠯ ᠤᠨ ᠳᠤᠮᠳᠠᠬᠢ ᠂ ᠦᠢᠯᠡᠳᠪᠦᠷᠢᠯᠡᠯ ᠤᠨ ᠳᠠᠷᠠᠭᠠᠬᠢ ᠨᠢᠭᠡᠳᠦᠯᠲᠡᠢ ᠦᠢᠯᠡᠳᠪᠦᠷᠢᠯᠡᠯ ᠤᠨ ᠦᠢᠯᠡᠴᠢᠯᠡᠭᠡ ᠪᠠᠷ ᠳᠠᠮᠵᠢᠭᠤᠯᠤᠨ ᠂ ᠬᠡᠪᠴᠢᠶᠡᠵᠢᠭᠦᠯᠦᠨ ᠦᠢᠯᠡᠳᠪᠦᠷᠢᠯᠡᠬᠦ ᠂ ᠡᠷᠴᠢᠮᠵᠢᠭᠦᠯᠦᠨ ᠡᠵᠡᠩᠨᠡᠬᠦ ᠶᠢ ᠪᠡᠶᠡᠯᠡᠭᠦᠯᠵᠦ ᠂ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠶ ᠪᠠᠷ ᠪᠡᠶᠡᠯᠡᠭᠦᠯᠵᠦ ᠂ ᠮᠦ ᠪᠦᠷᠢ ᠶᠢᠨ ᠤᠰᠤᠨ ᠲᠤᠲᠤᠷᠭ᠎ᠠ ᠶᠢᠨ ᠶᠡᠷᠦᠩᠬᠡᠢ ᠦᠷ᠎ᠡ ᠠᠰᠢᠭ ᠢ 350 ᠲᠥᠭᠦᠷᠢᠭ ᠳᠡᠭᠡᠭᠰᠢᠯᠡᠭᠦᠯᠪᠡ ᠃ ᠬᠤᠶᠠᠷ ᠲᠤ ᠂ ᠦᠢᠯᠡᠳᠪᠦᠷᠢᠯᠡᠯ ᠢ ᠪᠠᠷᠢᠮᠵᠢᠶᠠᠵᠢᠭᠤᠯᠪᠠ᠃ ᠬᠡᠪᠴᠢᠶᠡᠵᠢᠭᠦᠯᠦᠭᠰᠡᠨ ᠰᠠᠭᠤᠷᠢᠨ ᠳᠡᠭᠡᠷ᠎ᠡ ᠂ ᠬᠤᠷᠰᠢᠶ᠎ᠠ ᠠᠴᠠ ᠥᠨᠳᠥᠷ ᠦᠷ᠎ᠡ ᠠᠰᠢᠭ ᠲᠠᠢ ᠲᠡᠷᠢᠭᠦᠨ ᠤ ᠮᠡᠷᠭᠡᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠯᠡᠵᠦ ᠂ ᠤᠰᠤᠨ ᠲᠤᠲᠤᠷᠭ᠎ᠠ ᠶᠢᠨ ᠪᠦᠬᠦ ᠶᠠᠪᠤᠴᠠ ᠶᠢ ᠮᠠᠰᠢᠨᠴᠢᠯᠠᠨ ᠠᠵᠢᠯᠯᠠᠬᠤ ᠂ ᠪᠦᠬᠦ ᠶᠠᠪᠤᠴᠠ ᠶᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠪᠡᠶᠡᠯᠡᠭᠦᠯᠪᠡ ᠃ 2022 ᠣᠨ ᠳᠤ ᠂ ᠲᠤᠷᠰᠢᠯᠲᠠ ᠶᠢᠨ ᠲᠠᠷᠢᠶᠠᠨ ᠤ ᠦᠢᠯᠡᠳᠪᠦᠷᠢᠯᠡᠯ ᠤᠨ ᠪᠦᠬᠦ ᠶᠠᠪᠤᠴᠠ ᠳᠤ ︽ ᠳᠠᠩ ᠲᠠᠷᠢᠶᠠᠨ ᠡᠮ ︾  ᠢ ᠪᠡᠶᠡᠯᠡᠭᠦᠯᠵᠦ ᠂ ᠪᠣᠬᠢᠷᠲᠤᠯ ᠦᠭᠡᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠᠷ ᠳᠠᠮᠵᠢᠨ ᠂ ᠤᠰᠤᠨ ᠲᠤᠲᠤᠷᠭ᠎ᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢ 400 ᠺᠢᠯᠣᠭ᠍ᠷᠠᠮ ᠠᠴᠠ 450 ᠺᠢᠯᠣᠭ᠍ᠷᠠᠮ ᠪᠣᠯᠭᠠᠨ ᠳᠡᠭᠡᠭᠰᠢᠯᠡᠭᠦᠯᠵᠦ ᠂ ᠲᠤᠲᠤᠷᠭ᠎ᠠ ᠶᠢᠨ ᠦᠨ᠎ᠡ ᠶᠢ ᠵᠢᠩ ᠪᠦᠷᠢ ᠳᠡᠭᠡᠨ 2.7 ᠲᠥᠭᠦᠷᠢᠭ ᠪᠠᠶᠢᠭᠰᠠᠨ ᠠᠴᠠ 5 ᠲᠥᠭᠦᠷᠢᠭ ᠪᠣᠯᠭᠠᠨ ᠥᠰᠬᠡᠵᠡᠢ ᠃ ᠭᠤᠷᠪᠠ ᠳᠤ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠪᠠ᠃ ᠬᠤᠷᠰᠢᠶ᠎ᠠ ᠨᠢ ︽ ᠦᠢᠯᠡᠳᠪᠦᠷᠢᠯᠡᠬᠦ ᠂ ᠬᠠᠩᠭᠠᠬᠤ ᠂ ᠪᠣᠷᠣᠯᠠᠭᠤᠯᠬᠤ ︾ ᠶᠢ ᠨᠢᠭᠡ ᠴᠣᠭᠴᠠᠵᠢᠭᠤᠯᠬᠤ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ ᠂ ᠵᠢᠵᠢᠭ ᠲᠠᠷᠢᠶᠠᠴᠢᠨ ᠡᠷᠦᠭᠡ ᠬᠢᠭᠡᠳ ᠤᠳᠤ ᠦᠶ᠎ᠡ ᠶᠢᠨ ᠲᠠᠷᠢᠶᠠᠯᠠᠩ ᠤᠨ ᠪᠦᠲᠦᠮᠵᠢᠲᠡᠶ ᠵᠣᠯᠭᠠᠯᠳᠤᠯ ᠢ ᠲᠦᠯᠬᠢᠨ ᠠᠬᠢᠭᠤᠯᠪᠠ ᠃ 2023 ᠣᠨ ᠳᠤ ᠂ ᠬᠤᠷᠰᠢᠶ᠎ᠠ ᠠᠴᠠ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠲᠠᠷᠢᠬᠤ ᠭᠡᠷᠡᠴᠢᠯᠡᠯᠲᠡ ᠶᠢ ᠥᠷᠨᠢᠭᠦᠯᠵᠦ ᠂ ᠳᠤᠮᠳᠠᠳᠤ ᠤᠯᠤᠰ ᠤᠨ ᠠᠮᠤ ᠪᠤᠳᠠᠭᠠᠨ ᠤ ᠺᠣᠮᠫᠠᠨᠢ ᠲᠠᠢ ᠤᠰᠤᠨ ᠲᠤᠲᠤᠷᠭ᠎ᠠ ᠬᠤᠳᠠᠯᠳᠤᠨ ᠠᠪᠬᠤ ᠭᠡᠷ᠎ᠡ ᠲᠣᠭᠲᠠᠵᠤ ᠂ ᠪᠡᠭᠡᠵᠢᠩ ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠢᠨ᠎ᠡ ᠶᠢ ᠡᠭᠦᠳᠬᠦ ᠦᠢᠯᠡᠰ ᠵᠢᠴᠢ ᠬᠥᠬᠡᠬᠤᠲᠠ ᠶᠢᠨ ᠲᠥᠪᠯᠡᠷᠡᠭᠦᠯᠦᠨ ᠮᠠᠯᠲᠠᠬᠤ ᠲᠥᠪ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ ᠂ ᠤᠰᠤᠨ ᠲᠤᠲᠤᠷᠭ᠎ᠠ ᠲᠠᠷᠢᠬᠤ ᠡᠷᠦᠬᠡ ᠳᠤ ᠨᠡᠩ ᠤᠯᠠᠨ ᠨᠡᠩ ᠲᠣᠭᠲᠠᠭᠤᠨ ᠠᠰᠢᠭ ᠣᠷᠣᠯᠭ᠎ᠠ ᠶᠢ ᠠᠪᠴᠢᠷᠠᠵᠤ ᠂ ᠤᠰᠤᠨ ᠲᠤᠲᠤᠷᠭ᠎ᠠ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠠᠢ ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号