ᠢᠳᠡᠰᠢᠨ ᠨᠣᠭᠤᠭᠠᠨ ᠤ ᠦᠨᠳᠦᠰᠦ ᠶᠢᠨ ᠰᠢᠰᠲ᠋ᠧᠮ ᠦᠳᠡᠯᠦᠬᠦ ᠨᠢ ᠶᠠᠮᠠᠷ ᠰᠢᠯᠲᠠᠭᠠᠨ ᠠᠴᠠ ᠪᠣᠢ︖
ᠨᠡᠶᠢᠲᠡᠯᠡᠭᠰᠡᠨ ᠴᠠᠭ᠄
2023/8/4
      1. ᠬᠥᠷᠥᠰᠥ ᠰᠢᠷᠣᠢ ᠶᠢᠨ ᠬᠠᠲᠠᠭᠤᠷᠠᠯ ᠪᠠ ᠬᠤᠵᠢᠷᠰᠢᠯ      ᠦᠨᠳᠦᠰᠦ ᠶᠢᠨ ᠰᠢᠰᠲ᠋ᠧᠮ ᠢ ᠳᠣᠷᠣᠭᠰᠢ ᠬᠠᠳᠬᠤᠬᠤ ᠪᠠ ᠰᠢᠨ᠎ᠡ ᠪᠠᠷ ᠦᠨᠳᠦᠰᠦᠯᠡᠬᠦ ᠶᠢ ᠬᠦᠨᠳᠦ ᠨᠣᠴᠢᠲᠠᠢ ᠨᠥᠯᠥᠭᠡᠯᠡᠵᠦ ᠂ ᠰᠢᠨ᠎ᠡ ᠦᠨᠳᠦᠰᠦ ᠶᠢᠨ ᠥᠰᠦᠯᠲᠡ ᠶᠢᠨ ᠬᠤᠷᠳᠤᠴᠠ ᠨᠢ ᠬᠠᠭᠤᠴᠢᠨ ᠦᠨᠳᠦᠰᠦ ᠶᠢᠨ ᠦᠬᠦᠵᠢᠬᠦ ᠬᠤᠷᠳᠤᠴᠠ ᠶᠢ ᠳᠠᠭᠠᠵᠤ ᠠᠮᠵᠢᠬᠤ ᠦᠭᠡᠢ ᠪᠣᠯᠵᠤ ᠂ ᠰᠢᠨ᠎ᠡ ᠦᠨᠳᠦᠰᠦ ᠶᠢ ᠴᠥᠭᠡᠨ ᠪᠣᠯᠭᠠᠬᠤ ᠮᠥᠷᠲᠡᠭᠡᠨ ᠬᠡᠳᠦ ᠬᠦᠨᠳᠦ ᠬᠠᠲᠠᠭᠤᠷᠠᠬᠤ ᠪᠠ ᠬᠤᠵᠢᠷᠰᠢᠬᠤ ᠨᠢ ᠦᠨᠳᠦᠰᠦ ᠶᠢᠨ ᠰᠢᠰᠲ᠋ᠧᠮ ᠤᠨ ᠦᠨᠳᠦᠰᠦ ᠳᠡᠪᠲᠦᠭᠡᠬᠦ ᠦᠵᠡᠭᠳᠡᠯ ᠢ ᠨᠡᠩ ᠬᠦᠨᠳᠦᠷᠡᠭᠦᠯᠳᠡᠭ ᠃      2. ᠦᠨᠳᠦᠰᠦᠨ ᠤ ᠬᠡᠰᠡᠭ ᠤᠨ ᠡᠪᠡᠳᠴᠢᠨ ᠤ ᠬᠥᠨᠥᠭᠡᠯ      ᠬᠠᠳᠤᠭᠤᠷ ᠪᠠᠺᠲ᠋ᠧᠷᠢ ᠂ ᠢᠯᠵᠢᠷᠡᠮᠡᠯ ᠬᠥᠭᠡᠴᠦ ᠵᠢᠴᠢ ᠪᠤᠰᠤᠳ ᠵᠠᠷᠢᠮ ᠰᠢᠷᠣᠢ ᠪᠠᠷ ᠲᠠᠷᠬᠠᠬᠤ ᠡᠪᠡᠳᠴᠢᠨ ᠤ ᠪᠠᠺᠲ᠋ᠧᠷᠢ ᠠᠴᠠ ᠪᠣᠯᠤᠭᠰᠠᠨ ᠡᠪᠡᠳᠴᠢᠨ ᠤ ᠬᠤᠣᠷ ᠬᠥᠨᠥᠭᠡᠯ ᠨᠢ ᠤᠷᠭᠤᠮᠠᠯ ᠤᠨ ᠤᠷᠭᠤᠴᠠ ᠶᠢ ᠬᠦᠨᠳᠦ ᠨᠣᠴᠢᠲᠠᠢ ᠪᠠᠭᠤᠷᠠᠭᠤᠯᠤᠨ ᠂ ᠰᠢᠨ᠎ᠡ ᠦᠨᠳᠦᠰᠦ ᠭᠠᠷᠬᠤ ᠦᠭᠡᠢ ᠪᠣᠯᠭᠠᠵᠤ ᠂ ᠴᠢᠬᠢ ᠦᠬᠦᠭᠦᠯᠬᠦ ᠠᠰᠠᠭᠤᠳᠠᠯ ᠢ ᠬᠦᠨᠳᠦ ᠨᠣᠴᠢᠲᠠᠢ ᠪᠣᠢ ᠪᠣᠯᠭᠠᠳᠠᠭ ᠃      3. ᠭᠠᠵᠠᠷ ᠤᠨ ᠳᠤᠯᠠᠭᠠᠨ ᠤ ᠬᠡᠮᠵᠢᠶ᠎ᠡ ᠬᠦᠷᠦᠯᠴᠡᠬᠦ ᠦᠭᠡᠢ      ᠢᠳᠡᠰᠢᠨ ᠨᠣᠭᠤᠭᠠᠨ ᠤ ᠦᠨᠳᠦᠰᠦ ᠶᠢᠨ ᠰᠢᠰᠲ᠋ᠧᠮ ᠤᠨ ᠥᠰᠦᠯᠲᠡ ᠨᠢ 12 ᠭᠷᠡᠳᠦ᠋ᠰ ᠠᠴᠠ ᠳᠡᠭᠡᠭᠰᠢ ᠪᠠᠶᠢᠪᠠᠯ ᠰᠠᠶ᠋ᠢ ᠰᠢᠨ᠎ᠡ ᠦᠨᠳᠦᠰᠦ ᠤᠷᠭᠤᠵᠤ ᠴᠢᠳᠠᠨ᠎ᠠ ᠂ ᠬᠡᠷᠪᠡ ᠭᠠᠵᠠᠷ ᠤᠨ ᠳᠤᠯᠠᠭᠠᠨ ᠬᠦᠷᠦᠯᠴᠡᠬᠦ ᠦᠭᠡᠢ ᠪᠣᠯ ᠰᠢᠭᠤᠳ ᠰᠢᠨ᠎ᠡ ᠦᠨᠳᠦᠰᠦ ᠤᠷᠭᠤᠬᠤ ᠦᠭᠡᠢ ᠪᠣᠯᠣᠨ᠎ᠠ ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号