ᠶᠡᠷᠦᠩᠬᠡᠢ ᠱᠦᠵᠢ ᠰᠢ ᠶᠢᠨ ᠫᠢᠩ ᠤᠨ ︽ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠨ ᠠᠰᠢᠭᠯᠠᠬᠤ ᠶᠢ ᠨᠢᠭᠡᠨ | ᠲᠣᠮᠣ ᠶᠠᠪᠤᠳᠠᠯ ᠪᠣᠯᠭᠠᠨ ᠠᠳᠬᠤᠵᠤ᠂ ᠬᠠᠷ᠎ᠠ ᠬᠥᠷᠥᠰᠥ ᠶᠢ ᠰᠠᠶᠢᠲᠤᠷ ᠬᠡᠷᠡᠭᠯᠡᠵᠦ ᠰᠠᠶᠢᠲᠤᠷ ᠲᠡᠵᠢᠭᠡᠬᠦ︾ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 | ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠶᠢᠨ ᠬᠠᠷ᠎ᠠ | ᠬᠥᠷᠥᠰᠥᠲᠦ ᠭᠠᠵᠠᠷ ᠤᠨ ᠬᠠᠮᠠᠭᠠᠯᠠᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠠᠯᠠᠨ ᠠᠶᠢᠯ | ᠬᠤᠲᠠ ᠳᠤ ᠫᠠᠶᠢᠰᠠ ᠰᠡᠬᠦᠵᠦ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠪᠠ᠃ | | | | | | | | | ᠥᠪᠥᠷ ᠮᠣᠩᠭᠤᠯ ᠤᠨ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠪᠣᠯ ᠤᠯᠤᠰ ᠤᠨ ᠵᠡᠭᠦᠨ | ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠲᠠᠯᠠᠪᠠᠶ ᠨᠢ | 4455 ᠲᠦᠮᠡᠨ ᠮᠦ ᠳᠤ ᠬᠦᠷᠴᠦ᠂ ᠤᠯᠤᠰ ᠤᠨ ᠠᠮᠤ ᠪᠤᠳᠠᠭᠠᠨ ᠤ ᠭᠠᠷᠤᠯᠲᠠ ᠶᠢᠨ ᠴᠢᠬᠤᠯᠠ ᠰᠠᠭᠤᠷᠢᠨ ᠭᠠᠵᠠᠷ | ᠪᠣᠯᠣᠨ᠎ᠠ᠃ 2022 ᠣᠨ ᠳᠤ ᠵᠡᠭᠦᠨ ᠬᠤᠶᠢᠲᠤ ᠶᠢᠨ ᠬᠠᠷ᠎ᠠ ᠬᠦᠷᠦᠰᠦ ᠶᠢᠨ ᠣᠷᠣᠨ ᠤ 36 ᠬᠤᠰᠢᠭᠤ ᠰᠢᠶᠠᠨ ᠤ | ᠠᠮᠤ ᠪᠤᠳᠠᠭᠠᠨ ᠤ ᠤᠨᠠᠯᠲᠠ ᠨᠢ 577.48 ᠳ᠋ᠦᠩᠰᠢᠭᠤᠷ ᠵᠢᠩ ᠳᠤ ᠬᠦᠷᠴᠦ᠂ ᠪᠥᠬᠦ ᠣᠷᠣᠨ ᠤ ᠠᠮᠤ ᠪᠤᠳᠠᠭᠠᠨ ᠤ | ᠤᠨᠠᠯᠲᠠ ᠶᠢᠨ 74% ᠶᠢ ᠡᠵᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ | ᠦᠢᠯᠡᠳᠦᠯ ᠲᠠᠢ ᠪᠠᠶᠢᠳᠠᠭ᠃ | | | | | | | | ᠥᠪᠥᠷ ᠮᠣᠩᠭᠤᠯ ᠤᠨ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠨ ᠠᠰᠢᠭᠯᠠᠬᠤ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠪᠣᠯ ᠥᠪᠥᠷ ᠮᠣᠩᠭᠤᠯ ᠤᠨ ᠬᠥᠷᠥᠰᠥᠲᠦ ᠭᠠᠵᠠᠷ ᠢ | ᠰᠠᠶᠢᠲᠤᠷ ᠬᠠᠮᠠᠭᠠᠯᠠᠵᠤ ᠰᠠᠶᠢᠲᠤᠷ ᠠᠰᠢᠭᠯᠠᠬᠤ ︽ᠲᠠᠷᠢᠶᠠᠨ ᠭᠠᠵᠠᠷ ᠲᠠᠬᠢ ᠲᠣᠮᠣ ᠮᠠᠯᠤᠷ ᠥᠲᠡᠭᠡ︾ ᠶᠢᠨ ᠴᠢᠬᠤᠯᠠ | ᠠᠷᠭ᠎ᠠ ᠬᠡᠮᠵᠢᠶ᠎ᠡ ᠪᠣᠯᠣᠨ᠎ᠠ᠃ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠤ ᠲᠠᠷᠠᠭ᠎ᠠ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠨ ᠠᠰᠢᠭᠯᠠᠯᠲᠠ ᠶᠢᠨ ᠳᠤᠮᠳᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠪᠣᠯᠣᠨ | ᠦᠢᠯᠡᠳᠪᠦᠷᠢᠯᠡᠯ ᠤᠨ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠴᠢᠨᠠᠭᠰᠢᠯᠠᠪᠠᠯ ᠤᠯᠤᠰ ᠤᠨ ᠳᠠᠪᠠᠭᠤᠯᠢᠭ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠲᠥᠪᠯᠡᠷᠡᠭᠦᠯᠵᠦ᠂ ᠵᠢᠭᠠᠬᠤ᠂ ᠦᠢᠯᠡᠳᠪᠦᠷᠢᠯᠡᠬᠦ᠂ ᠰᠤᠷᠤᠯᠴᠠᠬᠤ᠂ | ᠰᠤᠳᠤᠯᠬᠤ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠠᠪᠴᠠᠩ ᠢ ᠪᠠᠶᠢᠭᠤᠯᠤᠨ᠎ᠠ᠃ | ᠬᠥᠷᠥᠰᠥ ᠰᠢᠷᠣᠢ ᠶᠢ ᠪᠣᠷᠳᠣᠬᠤ᠂ ᠲᠠᠷᠢᠮᠠᠯ ᠤᠨ ᠥᠨᠳᠥᠷ ᠤᠨᠠᠯᠲᠠ᠂ ᠡᠬᠢ ᠪᠠᠶᠠᠯᠢᠭ ᠤᠨ ᠥᠨᠳᠥᠷ ᠦᠷ᠎ᠡ ᠠᠰᠢᠭ | ᠵᠡᠷᠭᠡ ᠲᠠᠯ᠎ᠠ ᠶᠢᠨ ᠮᠡᠷᠭᠡᠵᠢᠯ ᠤᠨ ᠪᠣᠭᠤᠮᠢ ᠶᠢ ᠭᠤᠣᠯᠳᠠᠯᠭ᠎ᠠ ᠲᠠᠢ ᠰᠢᠪᠲᠤᠯᠵᠤ᠂ ᠠᠳᠠᠯᠢ ᠪᠤᠰᠤ ᠠᠮᠢ ᠠᠬᠤᠢ ᠶᠢᠨ | ᠣᠷᠣᠨ ᠪᠦᠰᠡ ᠶᠢᠨ ᠬᠠᠷ᠎ᠠ ᠬᠥᠷᠥᠰᠥᠲᠦ ᠭᠠᠵᠠᠷ ᠢ ᠪᠦᠲᠦᠮᠵᠢᠲᠡᠶ ᠬᠠᠮᠠᠭᠠᠯᠠᠬᠤ ᠪᠠ ᠵᠣᠬᠢᠰᠲᠠᠢ ᠠᠰᠢᠭᠯᠠᠬᠤ | ᠮᠡᠷᠭᠡᠵᠢᠯ ᠤᠨ ᠰᠢᠰᠲ᠋ᠧᠮ ᠪᠣᠯᠤᠨ ᠣᠷᠣᠨ ᠪᠦᠰᠡ ᠶᠢᠨ ᠴᠢᠨᠠᠷᠲᠠᠢ ᠰᠢᠢᠳᠪᠦᠷᠢᠯᠡᠬᠦ ᠲᠥᠰᠥᠯ ᠢ ᠪᠠᠶᠢᠭᠤᠯᠵᠤ᠂ ᠬᠠᠷ᠎ᠠ | ᠬᠥᠷᠥᠰᠥᠲᠦ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ᠂ ᠭᠠᠵᠠᠷ ᠤᠨ ᠰᠢᠮ᠎ᠡ ᠮᠠᠭᠤᠳᠠᠭᠰᠠᠨ᠂ ᠮᠠᠰᠢᠨᠴᠢᠯᠠᠭᠰᠠᠨ | ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠬᠦᠷᠦᠯᠴᠡᠬᠦ ᠦᠭᠡᠢ ᠪᠠ ᠥᠨᠳᠥᠷ ᠪᠦᠲᠦᠮᠵᠢᠲᠡᠢ ᠠᠰᠢᠭᠯᠠᠯᠲᠠ | ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠮᠠᠨ ᠤ ᠣᠷᠣᠨ ᠤ ᠬᠠᠷ᠎ᠠ ᠬᠥᠷᠥᠰᠥᠲᠦ | ᠭᠠᠵᠠᠷ ᠢ ᠴᠢᠨᠠᠷ ᠰᠠᠶᠢᠲᠠᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠨᠥᠯᠥᠭᠡᠯᠡᠨ ᠳᠠᠶᠢᠴᠢᠯᠠᠬᠤ ᠬᠡᠪᠴᠢᠶ᠎ᠡ ᠶᠢ ᠥᠷᠭᠡᠳᠬᠡᠵᠦ᠂ ᠬᠠᠷ᠎ᠠ | ᠬᠥᠷᠥᠰᠥᠲᠦ ᠭᠠᠵᠠᠷ ᠢ ᠬᠠᠮᠠᠭᠠᠯᠠᠬᠤ︾ ᠪᠠᠷ ᠭᠤᠣᠯ ᠪᠣᠯᠭᠠᠭᠰᠠᠨ 7 ᠢᠵᠢ ᠮᠡᠷᠭᠡᠵᠢᠯ ᠤᠨ ᠵᠠᠭᠪᠤᠷ ᠢ ᠨᠠᠷᠢᠯᠢᠭ | ᠬᠡᠷᠡᠭᠯᠡᠬᠦ ᠶᠢ ᠠᠬᠢᠭᠤᠯᠵᠤ᠂ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠤᠨ᠎ᠠ᠃ | | | | | ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠬᠥᠯᠥᠨ ᠪᠤᠶᠢᠷ ᠤᠨ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠳ᠋ᠡ ᠾᠧ ᠸᠠᠨ ᠲᠠᠷᠢᠶᠠᠯᠠᠩ ᠤᠨ ᠲᠠᠯᠠᠪᠠᠢ ᠶᠢᠨ ᠬᠠᠷ᠎ᠠ | ᠬᠥᠷᠥᠰᠥᠲᠦ ᠭᠠᠵᠠᠷ ᠤᠨ ᠠᠮᠤ ᠪᠤᠳᠠᠭᠠᠨ ᠤ ᠬᠥᠮᠥᠷᠭᠡ ᠶᠢᠨ ᠵᠢᠱᠢᠶ᠎ᠡ ᠦᠵᠡᠭᠦᠯᠬᠦ ᠲᠣᠭᠤᠷᠢᠭ᠂ ᠲᠣᠮᠣ ᠳ᠋ᠠᠶᠢᠲ᠋ᠠ ᠶᠢᠨ | ᠵᠢᠯᠤᠭᠤᠳᠬᠤ ᠲᠥᠪ ᠤᠨ ᠦᠵᠡᠭᠦᠯᠭᠡ᠂ ᠳ᠋ᠡ ᠾᠧ ᠸᠠᠨ ᠲᠠᠷᠢᠶᠠᠯᠠᠩ ᠤᠨ ᠲᠠᠯᠠᠪᠠᠢ ᠶᠢᠨ ᠲᠠᠷᠢᠶᠠᠯᠠᠩ ᠤᠨ ᠮᠠᠰᠢᠨ ᠤ | ᠦᠵᠡᠭᠦᠯᠭᠡ ᠶᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠭᠰᠡᠨ ᠪᠥᠭᠡᠳ ᠪᠣᠯᠪᠠᠰᠤᠷᠠᠯ ᠤᠨ ᠠᠩᠭᠢ ᠡᠷᠬᠢᠯᠡᠪᠡ᠃ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠵᠢᠶᠠ ᠪᠦᠦ ᠰᠦᠯᠵᠢᠶᠡᠨ ᠳᠡᠭᠡᠷ᠎ᠡ | ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠵᠤᠤ ᠴᠦᠨ ᠵᠢᠶᠠᠩ᠂ ᠵᠧᠦ ᠸᠧᠢ ᠰᠦᠯᠵᠢᠶᠡᠨ ᠳᠡᠭᠡᠷ᠎ᠡ ᠭᠤᠣᠯ ᠰᠡᠳᠦᠪᠲᠦ | ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠳᠠᠷᠤᠭ᠎ᠠ ᠯᠦ ᠵᠠᠨ ᠶᠤᠸᠠᠨ ᠡᠷᠳᠡᠮ ᠰᠢᠨᠵᠢᠯᠡᠭᠡᠨ ᠤ ᠮᠡᠳᠡᠭᠦᠯᠦᠯᠲᠡ ᠬᠢᠵᠡᠢ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ | ᠬᠠᠷᠢᠭᠤᠴᠠᠯᠭᠠᠲᠠᠨ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠪᠠ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | | | |