ᠬᠥᠬᠡᠬᠤᠲᠠ᠂ ᠰᠠᠶᠢᠬᠠᠨ ᠲᠣᠭᠤᠷᠢᠭ ᠬᠤᠶᠠᠷ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠬᠠᠮᠲᠤᠷᠠᠨ ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/7
      8 ᠰᠠᠷ᠎ᠠ ᠶᠢᠨ 2 ᠤᠨ ᠡᠳᠦᠷ᠂ ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠵᠢᠴᠢ ᠰᠠᠶᠢᠬᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠪᠠᠶᠢᠴᠠᠭᠠᠭᠴᠢ᠂ ᠬᠢᠨᠠᠨ ᠬᠠᠮᠢᠶᠠᠷᠤᠭᠴᠢ ᠰᠠᠶᠢᠬᠠᠨ ᠲᠣᠭᠤᠷᠢᠭ ᠤᠨ ᠬᠤᠸᠠᠩ ᠾᠧ ᠱᠣᠸ ᠪᠠᠯᠭᠠᠰᠤᠨ ᠤ ᠾᠧᠢ ᠱᠠ ᠲᠦ᠋ ᠲᠣᠰᠬᠤᠨ ᠤ ᠰᠢᠤᠸᠠᠨ ᠳ᠋ᠠ ᠲᠠᠢ ᠲᠠᠷᠢᠮᠠᠯ ᠤᠨ ᠲᠤᠰᠬᠠᠢ ᠬᠤᠷᠰᠢᠶ᠎ᠠ ᠶᠢᠨ ᠳᠠᠷᠢᠵᠤ ᠪᠠᠶᠢᠭ᠎ᠠ ᠬᠤᠩ ᠰᠢᠨ ᠡᠾᠦ᠋ᠸᠧ ᠯᠦᠩ ᠭᠦᠸᠧ ᠶᠢᠨ ᠰᠠᠭᠤᠷᠢᠨ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃
图片1.png
       ︽ᠪᠣᠬᠢᠷᠲᠤᠯ ᠦᠭᠡᠢ ᠢᠳᠡᠭᠡᠨ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠠᠵᠢᠯ ᠤᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠳᠤᠭᠤᠶᠢᠯᠠᠩ ᠤᠨ ᠬᠢᠨ ᠬᠤᠷᠰᠢᠶ᠎ᠠ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠂ ᠲᠠᠷᠢᠮᠠᠯ ᠤᠨ ᠰᠠᠭᠤᠷᠢᠨ ᠭᠠᠵᠠᠷ ᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠪᠠ ᠬᠠᠮᠢᠶᠠᠷᠤᠯᠲᠠ ᠵᠡᠷᠭᠡ ᠪᠦᠬᠦ ᠶᠠᠪᠤᠴᠠ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠪᠡ᠂ ᠰᠠᠨᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠡᠮᠳᠡᠭᠯᠡᠯ ᠬᠢᠬᠦ᠂ ᠦᠢᠯᠡᠳᠪᠦᠷᠢᠯᠡᠯ ᠤᠨ ᠬᠥᠮᠥᠰ ᠲᠤ ᠲᠠᠰᠢᠷᠠᠮ ᠤᠨ ᠰᠣᠷᠪᠤᠯᠵᠢᠯᠠᠭ᠎ᠠ ᠬᠢᠬᠦ ᠵᠡᠷᠭᠡ ᠡᠯ᠎ᠡ ᠭᠤᠭᠴᠤᠭ᠎ᠠ ᠳᠤ ᠨᠠᠷᠢᠨ ᠨᠢᠭᠲᠠ ᠪᠠᠶᠢᠴᠠᠭᠠᠯᠲᠠ ᠬᠢᠭᠰᠡᠨ ᠪᠥᠭᠡᠳ ᠳᠡᠭᠡᠷ᠎ᠡ ᠳᠤᠷᠠᠳᠤᠭᠰᠠᠨ ᠡᠯ᠎ᠡ ᠭᠤᠭᠴᠤᠭ᠎ᠠ ᠳᠤ ᠰᠡᠭᠦᠳᠡᠷ ᠲᠠᠲᠠᠪᠠ ᠃ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠵᠠᠷᠢᠮ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠂ ᠤᠯᠤᠰ ᠤᠨ ᠪᠣᠬᠢᠷᠲᠤᠯ ᠦᠭᠡᠢ ᠢᠳᠡᠭᠡᠨ ᠤ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ ᠤᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠬᠤ ᠬᠡᠷᠡᠭᠲᠡᠢ ᠭᠡᠵᠦ ᠬᠤᠷᠰᠢᠶ᠎ᠠ ᠶᠢ ᠱᠠᠭᠠᠷᠳᠠᠪᠠ ᠃
图片2.png
       ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠪᠠ ᠶᠠᠰᠤ ᠴᠢᠨᠠᠷ ᠤᠨ ᠡᠵᠡᠮᠳᠡᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠴᠢᠩᠭᠠᠳᠬᠠᠨ᠂ ᠪᠣᠬᠢᠷᠲᠤᠯ ᠦᠭᠡᠢ ᠢᠳᠡᠭᠡᠨ ᠤ ᠠᠵᠢᠯ ᠤᠨ ᠡᠭᠦᠷᠭᠡ ᠶᠢ ᠪᠡᠶᠡᠯᠡᠭᠦᠯᠪᠡ᠃ ᠡᠭᠦᠨ ᠤ ᠬᠠᠮᠲᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠳᠠᠮᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠬᠡᠮᠵᠢᠯᠡᠬᠦ ᠳᠤ ᠲᠦᠭᠦᠮ ᠦᠵᠡᠭᠦᠯᠪᠡ ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号