2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠠ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠶᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/8/7
      ︽2023 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠬᠤᠷᠰᠢᠶ᠎ᠠ ᠲᠠᠷᠬᠠᠭᠠᠭᠰᠠᠨ ﹇2023﹈ 220 ᠳ᠋ᠤᠭᠠᠷ ᠲᠣᠭᠠᠲᠤ︶᠂ ︽ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠪᠦᠰᠡ᠂ ︿ᠲᠠᠪᠤᠨ ᠣᠳᠣᠨ ᠲᠠᠰ﹀ ᠤᠨ ᠨᠡᠶᠢᠲᠡᠯᠢᠭ ᠬᠤᠷᠰᠢᠶ᠎ᠠ ᠪᠠ ᠬᠤᠷᠰᠢᠶ᠎ᠠ ᠶᠢᠨ ︿ᠭᠤᠷᠪᠠ ᠶᠢ ᠬᠤᠪᠢᠷᠠᠭᠤᠯᠬᠤ﹀ ᠬᠤᠪᠢ ᠣᠷᠣᠭᠤᠯᠤᠨ ᠬᠤᠷᠰᠢᠬᠤ ᠲᠤᠷᠰᠢᠯᠲᠠ ᠶᠢᠨ ᠴᠡᠭ ᠤᠨ ᠨᠡᠷᠡᠰ ᠢ ᠲᠠᠨᠢᠯᠴᠠᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠬᠤᠷᠰᠢᠶ᠎ᠠ ᠲᠠᠷᠬᠠᠭᠠᠭᠰᠠᠨ ﹇2023﹈ 166 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠡᠯ᠎ᠡ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠢ ᠨᠢ ᠰᠣᠩᠭᠤᠨ ᠮᠡᠳᠡᠭᠦᠯᠬᠦ᠂ ᠬᠢᠷᠢ ᠬᠡᠮ ᠢ ᠨᠢ ᠠᠩᠬ᠎ᠠ ᠬᠢᠨᠠᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠰᠢᠯᠭᠠᠷᠠᠭᠤᠯᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠠ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠶᠢᠨ ᠨᠡᠷᠡᠰ ᠢ ᠲᠣᠭᠲᠠᠭᠠᠬᠤ ᠪᠠᠷ ᠪᠣᠶ᠃ ᠡᠳᠦᠭᠡ ᠰᠢᠯᠭᠠᠷᠠᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠵᠦ ᠪᠠᠶᠢᠨ᠎ᠠ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠲᠤ ᠳᠤᠰᠬᠠᠭᠠᠷᠠᠢ᠃      ᠬᠠᠷᠢᠯᠴᠠᠬᠤ ᠬᠥᠮᠥᠨ᠄ ᠶᠠᠩ ᡁᠢ ᠺᠦᠨ      ᠬᠠᠷᠢᠯᠴᠠᠬᠤ ᠤᠲᠠᠰᠤ᠄ 0471-6652318       ᠳᠠᠭᠠᠯᠳᠤᠭᠤᠯᠤᠯ᠄ 1.2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠠᠷ ᠬᠢᠨᠠᠨ ᠲᠣᠭᠲᠠᠭᠠᠬᠤ ᠪᠠᠷ ᠪᠠᠶᠢᠭ᠎ᠠ ᠨᠡᠷᠡᠰ      2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠪᠠᠷ ᠦᠨᠡᠯᠡᠨ ᠲᠣᠭᠲᠠᠭᠠᠬᠤ ᠪᠠᠷ ᠪᠠᠶᠢᠭ᠎ᠠ ᠨᠡᠷᠡᠰ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2023 ᠣᠨ ᠤ 8 ᠰᠠᠷ᠎ᠠ ᠶᠢᠨ 7 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号