ᠥᠪᠥᠷ ᠮᠣᠩᠭᠤᠯ ᠤᠨ 5 ᠤᠯᠤᠰ ᠤᠨ ᠲᠠᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠰᠢᠨ᠎ᠡ ᠪᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2023/8/7
图片1.png
      8 ᠰᠠᠷ᠎ᠠ ᠶᠢᠨ 1 ᠤ ᠡᠳᠦᠷ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠂ ᠡᠳ᠋ ᠤᠨ ᠵᠠᠰᠠᠭ ᠤᠨ ᠶᠠᠮᠤᠨ ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 2023 ᠣᠨ ᠤ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠪᠡᠶᠡᠯᠡᠭᠦᠯᠦᠭᠰᠡᠨ ᠪᠥᠭᠡᠳ ᠡᠭᠦᠳᠦᠨ ᠪᠠᠶᠢᠭᠤᠯᠬᠤ ᠪᠠᠷ ᠪᠠᠶᠢᠭ᠎ᠠ ᠨᠡᠷᠡᠰ ᠢ ᠵᠠᠷᠯᠠᠨ ᠨᠡᠶᠢᠲᠡᠯᠡᠪᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠤᠸᠠᠨ ᠰᠢᠶᠠᠨ᠂ ᠯᠢᠨᠰᠢ ᠰᠢᠶᠠᠨ᠂ ᠳᠠᠯᠠᠳ ᠬᠤᠰᠢᠭᠤ᠂ ᠬᠤᠷᠢᠨᠭᠡᠷ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 5 ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠰᠢᠨ᠎ᠡ ᠪᠠᠷ ᠵᠥᠪᠰᠢᠶᠡᠷᠡᠭᠳᠡᠵᠦ᠂ ᠨᠡᠷᠡᠨ ᠬᠤᠸᠠᠷ᠂ ᠠᠯᠠᠰᠢᠨ ᠬᠤᠨᠢ᠂ ᠢᠳᠡᠰᠢᠨ ᠨᠣᠭᠤᠭ᠎ᠠ᠂ ᠠᠯᠠᠰᠢᠨ ᠦᠬᠡᠷ᠂ ᠬᠢᠲᠠᠳ ᠡᠮ ᠤᠨ ᠮᠠᠲ᠋ᠧᠷᠢᠶᠠᠯ᠂ ᠡᠷᠳᠡᠨᠢ ᠰᠢᠰᠢ᠂ ᠰᠢᠷ᠎ᠠ ᠪᠤᠷᠴᠠᠭ᠂ ᠰᠦ ᠤ ᠦᠢᠯᠡᠰ ᠵᠡᠷᠭᠡ ᠲᠤᠬᠠᠢ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠠᠮᠤᠷᠴᠠᠢ ᠃
图片2.png
      ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠣᠳᠣᠬᠠᠨ ᠪᠣᠯᠲᠠᠯ᠎ᠠ ᠂ ᠮᠠᠨ ᠤ ᠣᠷᠣᠨ ᠨᠡᠶᠢᠳᠡ 12 ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠵᠥᠪᠰᠢᠶᠡᠷᠡᠭᠳᠡᠪᠡ ᠃ ᠡᠭᠦᠨ ᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠣᠷᠳᠣᠰ ᠬᠤᠲᠠ ᠶᠢᠨ ᠣᠲᠤᠭ ᠬᠤᠰᠢᠭᠤ᠂ ᠤᠯᠠᠭᠠᠨᠬᠠᠳᠠ ᠶᠢᠨ ᠨᠢᠩᠴᠧᠩ ᠰᠢᠶᠠᠨ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠪᠠ 2023 ᠣᠨ ᠳᠤ ᠵᠥᠪᠰᠢᠶᠡᠷᠡᠯ ᠣᠯᠣᠭᠰᠠᠨ 5 ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠪᠠᠭᠲᠠᠨ᠎ᠠ᠃
图片3.png
      ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠲᠠᠷᠢᠶᠠᠯᠠᠩ ᠤᠨ ᠲᠥᠬᠦᠭᠡᠷᠦᠮᠵᠢ ᠶᠢᠨ ᠬᠥᠭᠵᠢᠯᠲᠡ᠂ ᠬᠦᠷᠢᠶᠡᠯᠡᠩ ᠲᠣᠭᠤᠷᠢᠭ ᠤᠨ ᠬᠥᠭᠵᠢᠯᠲᠡ᠂ ᠠᠭᠤᠰᠤᠯᠴᠠᠯ ᠤᠨ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠲᠣᠭᠠᠴᠢᠯᠠᠯᠲᠠ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠬᠦᠭᠡᠷᠦᠮᠵᠢ ᠶᠢ ᠲᠡᠭᠦᠯᠳᠡᠷᠵᠢᠭᠦᠯᠦᠨ ᠰᠠᠭᠤᠷᠢ ᠶᠢ ᠪᠠᠲᠤᠳᠬᠠᠵᠤ ᠂ ᠰᠢᠨᠵᠢᠯᠡᠬᠦ ᠤᠬᠠᠭᠠᠨ ᠮᠡᠷᠭᠡᠵᠢᠯ ᠢ ᠬᠤᠷᠠᠮᠳᠤᠭᠤᠯᠤᠨ ᠬᠥᠳᠡᠯᠭᠡᠬᠦ ᠬᠦᠴᠦᠨ ᠢ ᠨᠡᠮᠡᠭᠳᠡᠭᠦᠯᠵᠦ ᠂ ᠪᠣᠬᠢᠷᠲᠤᠯ ᠦᠭᠡᠢ ᠬᠥᠭᠵᠢᠯᠲᠡ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ ᠪᠦᠬᠦ ᠬᠡᠯᠬᠢᠶ᠎ᠡ ᠪᠠᠷ ᠨᠡᠭᠡᠭᠡᠨ ᠬᠥᠭᠵᠢᠭᠦᠯᠵᠦ ᠦᠷ᠎ᠡ ᠠᠰᠢᠭ ᠢ ᠳᠡᠭᠡᠭᠰᠢᠯᠡᠭᠦᠯᠵᠦ ᠂ ᠲᠣᠭᠠᠴᠢᠯᠠᠭᠰᠠᠨ ᠴᠢᠳᠠᠪᠤᠷᠢ ᠶᠢᠨ ᠳᠠᠪᠠᠭᠤᠯᠢᠭ ᠢ ᠴᠢᠩᠭᠠᠳᠬᠠᠵᠦ ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠵᠠᠭᠪᠤᠷ ᠢ ᠲᠥᠷᠥᠯ ᠬᠤᠪᠢᠶᠠᠨ ᠣᠷᠣᠨ ᠬᠤᠪᠢᠶᠠᠵᠤ ᠬᠠᠶᠢᠨ ᠰᠦᠪᠡᠭᠴᠢᠯᠡᠬᠦ ᠨᠢ ᠮᠠᠨ ᠤ ᠣᠷᠣᠨ ᠢ ᠳᠠᠶᠢᠴᠢᠯᠠᠨ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ ︵ᠬᠤᠰᠢᠭᠤ ᠲᠣᠭᠤᠷᠢᠭ︶ ᠢ ᠤᠷᠢᠳᠠᠪᠠᠷ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ  ᠪᠤᠯᠦᠨ᠎ᠠ ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号