ᠴᠠᠭᠠᠨ ᠢᠳᠡᠭᠡᠨ ᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠪᠣᠯᠣᠨ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠴᠠᠭᠠᠨ ᠢᠳᠡᠭᠡᠨ ᠤ ᠦᠢᠯᠡᠰ ᠤᠨ ᠬᠤᠪᠢᠶᠠᠷᠢ ᠲᠥᠪ ᠢ ᠬᠥᠬᠡᠬᠤᠲᠠ ᠳᠤ ᠪᠠᠶᠢᠭᠤᠯᠵᠤ ᠡᠬᠢᠯᠡᠪᠡ ᠴᠢ᠊ ᠪᠠᠲᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/7
      8 ᠰᠠᠷ᠎ᠠ ᠶᠢᠨ 4 ᠤ ᠡᠳᠦᠷ᠂ ᠪᠥᠬᠦ ᠤᠯᠤᠰ ᠤᠨ ᠠᠩᠬᠠᠳᠠᠭᠴᠢ ᠴᠠᠭᠠᠨ ᠢᠳᠡᠭᠡᠨ ᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ᠂ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠴᠠᠭᠠᠨ ᠢᠳᠡᠭᠡᠨ ᠤ ᠦᠢᠯᠡᠰ ᠤᠨ ᠬᠤᠪᠢᠶᠠᠷᠢ ᠲᠥᠪ ᠢ ᠪᠠᠶᠢᠭᠤᠯᠬᠤ ᠠᠵᠢᠯ ᠬᠥᠬᠡᠬᠤᠲᠠ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠣᠷᠣᠯᠴᠠᠵᠤ ᠪᠠᠶᠠᠷ ᠤᠨ ᠦᠭᠡ ᠬᠡᠯᠡᠪᠡ᠃      ᠴᠢ᠊ ᠪᠠᠲᠤ᠂ ᠰᠦ ᠶᠢᠨ ᠦᠢᠯᠡᠰ ᠪᠣᠯ ᠮᠠᠨ ᠤ ᠣᠷᠣᠨ ᠤ ᠣᠳᠣᠬᠠᠨ ᠤ ᠠᠵᠤ ᠦᠢᠯᠡᠰ ᠤᠨ ᠬᠡᠯᠬᠢᠶ᠎ᠡ ᠶᠢᠨ ᠬᠠᠮᠤᠭ ᠤᠨ ᠪᠦᠷᠢᠨ ᠪᠦᠲᠦᠨ᠂ ᠥᠷᠢᠰᠦᠯᠳᠦᠬᠦ ᠬᠦᠴᠦᠨ ᠢᠶᠠᠷ ᠬᠠᠮᠤᠭ ᠤᠨ ᠴᠢᠩᠭ᠎ᠠ ᠲᠤᠯᠭᠠᠭᠤᠷᠢ ᠠᠵᠤ ᠦᠢᠯᠡᠰ ᠤᠨ ᠨᠢᠭᠡ ᠪᠣᠯᠣᠨ᠎ᠠ᠃ ᠬᠤᠶᠠᠷ ᠲᠥᠪ ᠤᠨ ᠪᠦᠲᠦᠭᠡᠨ ᠪᠠᠶᠢᠭᠤᠯᠤᠯᠲᠠ ᠨᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ ᠬᠡᠷᠡᠭᠯᠡᠭᠡᠨ᠂ ᠬᠠᠮᠠᠭᠠᠯᠠᠯᠲᠠ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠪᠥᠬᠦ ᠬᠡᠯᠬᠢᠶ᠎ᠡ ᠶᠢ ᠨᠡᠪᠲᠡᠷᠡᠭᠦᠯᠵᠦ᠂ ᠴᠠᠭᠠᠨ ᠢᠳᠡᠭᠡᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ ᠲᠥᠪᠯᠡᠷᠡᠭᠦᠯᠬᠦ ᠶᠢ ᠪᠡᠶᠡᠯᠡᠭᠦᠯᠵᠦ᠂ ᠮᠠᠨ ᠤ ᠣᠷᠣᠨ ᠤ ᠲᠡᠷᠢᠭᠦᠨ ᠤ ᠰᠦ ᠶᠢᠨ ᠢᠷᠡᠯᠲᠡ ᠶᠢᠨ ᠰᠠᠭᠤᠷᠢᠨ ᠢ ᠴᠣᠭᠴᠠᠯᠠᠬᠤ᠂ ᠲᠡᠷᠢᠭᠦᠨ ᠤ ᠪᠦᠲᠦᠭᠡᠭᠳᠡᠬᠦᠨ ᠢ ᠬᠦᠴᠦᠷᠬᠡᠭᠵᠢᠭᠦᠯᠬᠦ᠂ ᠲᠡᠷᠢᠭᠦᠨ ᠤ ᠲᠥᠷᠥᠯ ᠲᠡᠮᠳᠡᠭ ᠢ ᠡᠭᠦᠳᠦᠨ ᠪᠠᠶᠢᠭᠤᠯᠬᠤ᠂ ᠰᠦ ᠶᠢᠨ ᠦᠢᠯᠡᠰ ᠤᠨ ᠪᠣᠬᠢᠷᠲᠤᠯ ᠦᠭᠡᠢ᠂ ᠣᠶᠤᠨᠴᠢᠯᠠᠭᠰᠠᠨ᠂ ᠳᠡᠯᠡᠬᠡᠶᠢᠵᠢᠭᠰᠡᠨ ᠬᠥᠭᠵᠢᠯᠲᠡ ᠶᠢ ᠪᠡᠶᠡᠯᠡᠭᠦᠯᠬᠦ ᠳᠤ ᠴᠢᠩᠭ᠎ᠠ ᠬᠦᠴᠦᠲᠡᠢ ᠰᠢᠨ᠎ᠡ ᠶᠢ ᠡᠭᠦᠳᠬᠦ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号