ᠴᠠᠭ ᠠᠭᠤᠷ ᠤᠨ ᠰᠠᠯᠠᠭ᠎ᠠ ᠮᠥᠴᠢᠷ ᠤᠨ ᠲᠥᠰᠥᠭᠡᠯᠡᠭᠰᠡᠨ ᠢᠶᠠᠷ᠂ ᠥᠨᠳᠥᠷ ᠣᠭᠲᠠᠷᠭᠤᠢ ᠶᠢᠨ ᠬᠤᠩᠭᠢᠯ ᠤᠨ | ᠵᠡᠭᠦᠨᠰᠢ ᠰᠢᠯᠵᠢᠬᠦ ᠨᠥᠯᠥᠭᠡ ᠠᠴᠠ ᠪᠣᠯᠵᠤ᠂ 8 ᠰᠠᠷ᠎ᠠ ᠶᠢᠨ 9 ᠤ ᠡᠳᠦᠷ ᠤᠨ 20 ᠴᠠᠭ ᠠᠴᠠ 12 ᠤᠨ | ᠡᠳᠦᠷ ᠤᠨ 20 ᠴᠠᠭ ᠪᠣᠯᠲᠠᠯ᠎ᠠ ᠮᠠᠨ ᠤ ᠣᠷᠣᠨ ᠪᠠᠷᠠᠭᠤᠨ ᠠᠴᠠ ᠵᠡᠭᠦᠨᠰᠢ ᠶᠡᠭᠡ ᠬᠡᠪᠴᠢᠶ᠎ᠡ ᠪᠠᠷ ᠪᠣᠷᠣᠭᠠᠨ ᠣᠷᠣᠵᠤ᠂ | ᠣᠯᠠᠨ ᠭᠠᠵᠠᠷ ᠤᠨ ᠲᠤᠨᠳᠠᠰᠤᠨ ᠤ ᠬᠡᠮᠵᠢᠶ᠎ᠡ 0 — 50 ᠮᠢᠯᠢᠮᠧᠲᠷ ᠲᠤ ᠬᠦᠷᠬᠦ ᠪᠣᠯᠣᠨ᠎ᠠ᠃ ᠡᠭᠦᠨ ᠳᠤ᠂ | ᠪᠠᠶᠠᠨᠨᠠᠭᠤᠷ ᠬᠤᠲᠠ ᠶᠢᠨ ᠵᠡᠭᠦᠨ ᠬᠤᠶᠢᠲᠤ ᠪᠡᠶ᠎ᠡ᠂ ᠣᠷᠳᠣᠰ ᠬᠤᠲᠠ ᠶᠢᠨ ᠬᠤᠶᠢᠲᠤ ᠪᠡᠶ᠎ᠡ ᠶᠢᠨ ᠬᠤᠶᠢᠲᠤ ᠪᠡᠶ᠎ᠡ᠂ | ᠰᠢᠯᠢ ᠶᠢᠨ ᠭᠤᠣᠯ ᠠᠶᠢᠮᠠᠭ ᠤᠨ ᠵᠡᠭᠦᠨ ᠡᠮᠦᠨ᠎ᠡ ᠪᠡᠶ᠎ᠡ᠂ ᠲᠦᠩᠯᠢᠶᠣᠣ ᠬᠤᠲᠠ ᠶᠢᠨ ᠬᠤᠶᠢᠲᠤ ᠪᠡᠶ᠎ᠡ ᠶᠢᠨ ᠬᠤᠶᠢᠲᠤ | ᠬᠡᠰᠡᠭ᠂ ᠬᠢᠩᠭᠠᠨ ᠠᠶᠢᠮᠠᠭ ᠤᠨ ᠪᠠᠷᠠᠭᠤᠨ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ ᠤ ᠬᠤᠷ᠎ᠠ ᠲᠤᠨᠳᠠᠰᠤᠨ ᠤ | ᠬᠡᠮᠵᠢᠶ᠎ᠡ ᠨᠡᠶᠢᠲᠡ 25 — 50 ᠮᠢᠯᠢᠮᠧᠲᠷ ᠲᠤ ᠬᠦᠷᠬᠦ ᠪᠣᠯᠤᠨ᠎ᠠ᠃ ᠬᠡᠰᠡᠭ ᠭᠠᠵᠠᠷ ᠣᠷᠣᠨ ᠳᠤ 50 | ᠮᠢᠯᠢᠮᠧᠲᠷ ᠢ ᠳᠠᠪᠠᠵᠤ᠂ ᠳᠡᠭᠡᠷ᠎ᠡ ᠳᠤᠷᠠᠳᠤᠭᠰᠠᠨ ᠬᠡᠰᠡᠭ ᠭᠠᠵᠠᠷ ᠣᠷᠣᠨ ᠳᠤ ᠣᠬᠤᠷᠬᠠᠨ ᠬᠤᠭᠤᠴᠠᠭᠠᠨ ᠤ | ᠰᠢᠷᠦᠭᠦᠨ ᠪᠣᠷᠣᠭᠠᠨ᠂ ᠠᠶᠤᠩᠭᠠᠲᠤ ᠪᠣᠷᠣᠭᠠᠨ᠂ ᠮᠥᠨᠳᠥᠷ ᠵᠡᠷᠭᠡ ᠰᠢᠷᠦᠭᠦᠨ ᠰᠣᠯᠢᠭ ᠤᠷᠤᠰᠬᠠᠯ ᠤᠨ ᠴᠠᠭ ᠠᠭᠤᠷ | ᠳᠠᠭᠠᠯᠳᠤᠬᠤ ᠪᠣᠯᠤᠮᠵᠢ ᠲᠠᠢ ᠂ ᠡᠨᠡ ᠤᠳᠠᠭᠠᠨ ᠤ ᠲᠤᠨᠳᠠᠰᠤ ᠨᠢ ᠬᠤᠲᠣᠭᠤᠷ ᠭᠠᠵᠠᠷ ᠤᠨ ᠬᠥᠷᠥᠰᠥ ᠰᠢᠷᠣᠢ ᠶᠢ | ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠬᠦᠴᠢᠯᠲᠥ᠋ᠷᠥᠭᠴᠢ | ᠳᠤᠲᠠᠭᠳᠠᠬᠤ ᠶᠢᠨ ᠤᠯᠠᠮ ᠠᠴᠠ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠲᠠᠷᠢᠶᠠᠨ ᠳᠠᠬᠢ ᠲᠠᠷᠢᠮᠠᠯ ᠳᠤ | ᠦᠵᠡᠭᠦᠯᠬᠦ ᠤᠰᠤᠲᠤᠯ ᠤᠨ ᠨᠥᠯᠥᠭᠡ ᠶᠢ ᠬᠦᠨᠳᠦᠷᠡᠭᠦᠯᠵᠦ ᠮᠡᠳᠡᠨ᠎ᠡ᠃ ᠡᠯ᠎ᠡ ᠭᠠᠵᠠᠷ ᠤᠨ ᠬᠢᠨ ᠲᠠᠷᠢᠮᠠᠯ ᠤᠨ | ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ | ᠰᠡᠷᠭᠡᠶᠢᠯᠡᠬᠦ ᠠᠷᠭ᠎ᠠ ᠪᠣᠳᠣᠯᠭ᠎ᠠ᠄ | ᠨᠢᠭᠡ ᠳᠤ ᠮᠠᠰᠢᠨ ᠪᠠᠭᠠᠵᠢ ᠪᠣᠯᠣᠨ ᠬᠥᠮᠥᠨ ᠤ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠵᠦ᠂ ᠤᠰᠤ | ᠵᠠᠯᠠᠬᠤ ᠭᠤᠸ ᠰᠤᠪᠠᠭ ᠤᠨ ᠰᠢᠰᠲ᠋ᠧᠮ ᠢ ᠤᠷᠢᠳᠴᠢᠯᠠᠨ ᠵᠠᠰᠠᠵᠤ ᠲᠡᠭᠰᠢᠯᠡᠨ᠂ ᠤᠰᠤ ᠲᠠᠲᠠᠬᠤ ᠪᠠ ᠤᠰᠤ ᠵᠠᠯᠠᠬᠤ | ᠮᠠᠰᠢᠨ ᠲᠥᠬᠦᠭᠡᠷᠦᠮᠵᠢ ᠶᠢ ᠪᠡᠯᠡᠳᠬᠡᠵᠦ᠂ ᠴᠠᠭ ᠲᠤᠬᠠᠢ ᠳᠤ ᠨᠢ ᠤᠰᠤᠲᠤᠯ ᠢ ᠵᠠᠯᠠᠨ ᠴᠢᠬᠢᠭ ᠢ ᠰᠠᠷᠨᠢᠭᠤᠯᠵᠤ ᠂ ᠨᠠᠮ | ᠬᠤᠲᠣᠭᠤᠷ ᠠᠮᠠᠷᠬᠠᠨ ᠤᠰᠤᠲᠤᠬᠤ ᠭᠠᠵᠠᠷ ᠲᠤ ᠴᠠᠭ ᠲᠤᠬᠠᠢ ᠳᠤ ᠨᠢ ᠤᠰᠤ ᠵᠠᠯᠠᠬᠤ ᠰᠤᠪᠠᠭ ᠪᠠ ᠤᠰᠤ ᠬᠤᠷᠠᠬᠤ | ᠨᠦᠬᠡ ᠮᠠᠯᠲᠠᠬᠤ ᠂ ᠵᠢᠴᠢ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠴᠠᠭ ᠢ ᠵᠠᠪᠳᠤᠨ ᠵᠠᠯᠠᠬᠤ ᠵᠡᠷᠭᠡ ᠠᠷᠭ᠎ᠠ | ᠬᠡᠮᠵᠢᠶ᠎ᠡ ᠶᠢ ᠠᠪᠴᠤ ᠂ ᠤᠰᠤ ᠶᠢ ᠵᠠᠪᠳᠤᠨ ᠭᠠᠳᠠᠭᠰᠢᠯᠠᠭᠤᠯᠵᠤ ᠂ ᠤᠰᠤ ᠶᠢ ᠠᠷᠢᠯᠭᠠᠨ ᠤᠰᠤᠲᠤᠯ ᠢ | ᠳᠣᠷᠣᠭᠰᠢᠯᠠᠭᠤᠯᠵᠤ ᠂ ᠴᠢᠬᠢᠭ ᠢ ᠰᠠᠷᠨᠢᠭᠤᠯᠵᠤ ᠂ ᠦᠨᠳᠦᠰᠦ ᠶᠢᠨ ᠰᠢᠰᠲ᠋ᠧᠮ ᠪᠠ ᠤᠷᠭᠤᠮᠠᠯ ᠤᠨ ᠳᠠᠬᠢᠨ | ᠤᠷᠭᠤᠯᠲᠠ ᠶᠢ ᠠᠬᠢᠭᠤᠯᠵᠤ ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ ᠂ ᠴᠢᠬᠢ ᠦᠬᠦᠬᠦ ᠵᠡᠷᠭᠡ | ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠃ | ᠬᠤᠶᠠᠷ ᠲᠤ ᠤᠰᠤᠲᠤᠭᠰᠠᠨ ᠲᠠᠷᠢᠮᠠᠯ ᠤᠨ ᠢᠯᠵᠢᠷᠡᠭᠰᠡᠨ ᠨᠠᠪᠴᠢ᠂ ᠰᠢᠷ᠎ᠠ ᠨᠠᠪᠴᠢ ᠶᠢ ᠴᠠᠭ ᠲᠤᠬᠠᠢ ᠳᠤᠨᠢ | ᠴᠡᠪᠡᠷᠯᠡᠨ ᠠᠷᠢᠯᠭᠠᠵᠤ᠂ ᠤᠰᠤ ᠶᠢ ᠨᠢ ᠪᠤᠴᠠᠭᠠᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤᠨᠢ ᠲᠡᠭᠰᠢᠯᠡᠨ᠎ᠡ︔ | ᠤᠰᠤ ᠲᠠᠲᠠᠷᠠᠭᠤᠯᠤᠭᠰᠠᠨ ᠤ ᠳᠠᠷᠠᠭ᠎ᠠ ᠵᠣᠬᠢᠬᠤ ᠬᠡᠮᠵᠢᠶ᠎ᠡ ᠪᠠᠷ ᠪᠣᠷᠳᠣᠭᠤᠷ ᠣᠷᠣᠭᠤᠯᠵᠤ᠂ ᠦᠨᠳᠦᠰᠦ ᠶᠢ ᠨᠢ | ᠲᠡᠵᠢᠭᠡᠨ ᠨᠠᠪᠴᠢ ᠶᠢ ᠨᠢ ᠬᠠᠮᠠᠭᠠᠯᠠᠵᠤ᠂ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ | ᠲᠠᠷᠢᠮᠠᠯ ᠤᠨ ᠳᠠᠬᠢᠨ ᠤᠷᠭᠤᠬᠤ ᠶᠢ ᠠᠬᠢᠭᠤᠯᠤᠨ᠎ᠠ᠃ ᠭᠠᠮᠰᠢᠭᠳᠠᠭᠰᠠᠨ ᠦᠷᠡᠵᠢᠯ ᠤᠨ ᠬᠤᠭᠤᠴᠠᠭ᠎ᠠ ᠶᠢ | ᠬᠤᠶᠢᠰᠢᠯᠠᠭᠤᠯᠤᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ | ᠰᠥᠷᠬᠦ ᠶᠢ ᠡᠰᠡᠷᠭᠦᠴᠡᠬᠦ ᠡᠮ ᠵᠡᠷᠭᠡ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ᠂ ︽ᠡᠷᠲᠡ ᠬᠢᠷᠠᠭᠤᠳᠠᠬᠤ ᠶᠢ | ᠰᠡᠷᠭᠡᠶᠢᠯᠡᠵᠦ ᠡᠷᠲᠡ ᠪᠣᠯᠪᠠᠰᠤᠷᠠᠬᠤ ᠶᠢ ᠠᠬᠢᠭᠤᠯᠬᠤ︾ ᠪᠠᠷ ᠭᠤᠣᠯ ᠪᠣᠯᠭᠠᠨ᠂ ︽ᠨᠢᠭᠡ ᠰᠦᠷᠴᠢᠪᠡᠯ ᠠᠷᠪᠢᠨ | ᠠᠬᠢᠭᠤᠯᠬᠤ︾ ᠪᠠᠷ ᠳᠠᠮᠵᠢᠭᠤᠯᠤᠨ᠂ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠬᠡᠰᠡᠭ ᠭᠠᠵᠠᠷ᠂ ᠨᠥᠬᠦᠴᠡᠯ ᠳᠤ | ᠲᠣᠬᠢᠷᠠᠭᠰᠠᠨ ᠢ ᠨᠢ ᠴᠠᠭ ᠲᠤᠬᠠᠢ ᠳᠤ ᠨᠢ ᠦᠷᠡᠵᠢᠯ ᠤᠨ ᠣᠬᠤᠷ ᠬᠤᠭᠤᠴᠠᠭᠠᠨ ᠤ ᠨᠣᠬᠠᠢ ᠶᠢᠨ ᠬᠤᠰᠢᠭᠤ ᠶᠢᠨ | ᠡᠪᠡᠰᠦ ᠪᠠ ᠨᠣᠭᠤᠭᠠᠨ ᠪᠣᠷᠳᠣᠭᠤᠷ ᠢ ᠲᠠᠷᠢᠶᠠᠨ ᠭᠠᠵᠠᠷ ᠲᠤ ᠨᠢ ᠪᠣᠴᠠᠭᠠᠬᠤ ᠵᠡᠷᠭᠡ ᠪᠠᠷ ᠭᠠᠮᠰᠢᠭ ᠤᠨ ᠬᠤᠬᠢᠷᠠᠯ ᠢ | ᠪᠠᠭᠠᠰᠬᠠᠨ᠂ ᠲᠠᠷᠢᠶᠠᠨ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ ᠬᠡᠷᠡᠭᠲᠡᠢ᠃ | ᠳᠥᠷᠪᠡ ᠳᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ ᠂ ᠦᠶᠡᠷ ᠤᠰᠤᠲᠤᠯ ᠮᠥᠨᠳᠥᠷ ᠵᠡᠷᠭᠡ | ᠭᠠᠮᠰᠢᠭ ᠭᠠᠷᠬᠤ ᠶᠢ ᠤᠷᠢᠳᠴᠢᠯᠠᠨ ᠰᠡᠷᠭᠡᠶᠢᠯᠡᠵᠦ ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠲᠣᠬᠢᠶᠠᠯᠳᠤᠪᠠᠯ ᠂ | ᠲᠠᠷᠢᠶᠠᠨ ᠭᠠᠵᠠᠷ ᠲᠤ ᠠᠵᠢᠯᠯᠠᠬᠤ ᠶᠢ ᠴᠢᠩᠭ᠎ᠠ ᠴᠠᠭᠠᠵᠠᠯᠠᠵᠤ ᠂ ᠬᠥᠮᠥᠰ ᠤᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠃ | | | | |