ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠤᠨ ᠤᠯᠠᠨ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ ᠳᠠᠶᠢᠴᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/8/9
      8 ᠳ᠋ᠤᠭᠠᠷ ᠰᠠᠷ᠎ᠠ ᠶᠢᠨ 6 ᠤ ᠡᠳᠦᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠨᠠᠶᠢᠵᠠ ᠬᠠᠭᠤᠴᠢᠨ ᠠᠨᠳᠠ ᠤᠳ ᠳᠤᠮᠳᠠᠳᠤ ᠤᠯᠤᠰ ᠤᠨ ᠰᠦ ᠶᠢᠨ ᠬᠤᠲᠠ ᠬᠥᠬᠡᠬᠤᠲᠠ ᠳᠤ ᠴᠤᠭᠯᠠᠷᠠᠨ᠂ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠤᠨ ︽ᠣᠯᠠᠨ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ︾ ᠳᠡᠭᠡᠷ᠎ᠡ ᠠᠭᠤᠯᠵᠠᠴᠠᠭᠠᠵᠤ᠂ ᠦᠷ᠎ᠡ ᠡᠭᠦᠯᠳᠡᠷ ᠤᠨ ᠦᠢᠯᠡᠰ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠬᠠᠮᠲᠤ ᠪᠠᠷ ᠵᠥᠪᠳᠡᠯᠴᠡᠵᠦ᠂ ᠰᠦ ᠶᠢᠨ ᠦᠢᠯᠡᠰ ᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠶᠠᠷᠢᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃      ᠳᠠᠶᠢᠴᠢᠨ ᠬᠡᠯᠡᠬᠦ ᠳᠤ ᠪᠠᠨ᠂ ᠦᠷ᠎ᠡ ᠡᠭᠦᠯᠳᠡᠷ ᠤᠨ ᠦᠢᠯᠡᠰ ᠪᠣᠯ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ︽ᠴᠢᠫ︾ ᠪᠣᠯᠣᠨ᠎ᠠ᠂ ᠡᠪᠡᠰᠦ ᠰᠠᠶᠢᠨ ᠲᠠᠷᠢᠵᠦ᠂ ᠦᠬᠡᠷ ᠰᠠᠶᠢᠨ ᠲᠡᠵᠢᠭᠡᠪᠡᠯ ᠰᠠᠶ᠋ᠢ ᠰᠠᠶᠢᠨ ᠰᠦ ᠶᠢᠨ ᠭᠠᠷᠤᠯᠲᠠ ᠲᠠᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠰᠦ ᠶᠢᠨ ᠦᠢᠯᠡᠰ ᠲᠤ ᠲᠠᠯᠪᠢᠭᠰᠠᠨ ᠬᠦᠰᠡᠯ ᠡᠷᠡᠮᠡᠯᠵᠡᠯ ᠪᠣᠯᠣᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠴᠢᠨᠠᠷ ᠰᠠᠶᠢᠲᠠᠢ ᠪᠡᠯᠴᠢᠭᠡᠷ ᠡᠪᠡᠰᠦ ᠪᠣᠯᠣᠨ ᠰᠠᠭᠠᠯᠢ ᠶᠢᠨ ᠮᠠᠯ ᠤᠨ ᠡᠭᠦᠯᠳᠡᠷ ᠢ ᠪᠤᠶᠢᠵᠢᠭᠤᠯᠵᠤ ᠰᠢᠨ᠎ᠡ ᠶᠢ ᠡᠭᠦᠳᠬᠦ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠂ ︽ᠨᠢᠭᠡ ᠰᠢᠷᠬᠡᠭ ᠡᠪᠡᠰᠦ ᠠᠴᠠ ᠨᠢᠭᠡ ᠠᠶᠠᠭ᠎ᠠ ᠰᠦ ᠬᠦᠷᠲᠡᠯᠡᠬᠢ︾ ᠪᠦᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠲᠡᠷᠢᠭᠦᠨ ᠤ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠦᠷᠢᠶ᠎ᠡ ᠶᠢ ᠴᠢᠷᠮᠠᠶᠢᠨ ᠴᠣᠭᠴᠠᠯᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号