ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠲᠦᠭ ᠲᠦᠮᠡᠨ | ᠡᠷᠤᠭᠡ ᠳᠤ ᠲᠦᠭᠡᠮᠡᠯᠵᠢᠭᠦᠯᠬᠦ ᠶᠢᠨ ᠲᠦᠯᠦᠭᠡ᠂ 8 ᠰᠠᠷ᠎ᠠ ᠶᠢᠨ 29 ᠤ ᠡᠳᠦᠷ ᠂ ᠤᠯᠠᠭᠠᠨᠴᠠᠪ ᠬᠤᠳᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠶᠢᠨ ᠲᠥᠪ ︽ ᠵᠠᠭᠤᠨ ᠰᠢᠶᠠᠨ ᠮᠢᠩᠭᠠᠨ ᠰᠢᠶᠠᠩ ᠲᠦᠮᠡᠨ ᠡᠷᠤᠭᠡ ︾ ᠶᠢᠨ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠪᠣᠯᠪᠠᠰᠤᠷᠠᠯ ᠪᠣᠯᠣᠨ ᠲᠠᠷᠢᠶᠠᠯᠠᠩ ᠤᠨ ᠤᠰᠤ ᠠᠷᠪᠢᠯᠠᠵᠤ | ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ ᠂ | ᠡᠯ᠎ᠡ ᠬᠤᠰᠢᠭᠤ ᠰᠢᠶᠠᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠨ ᠮᠡᠷᠭᠡᠵᠢᠯᠲᠡᠨ ᠂ | ᠲᠠᠷᠢᠮᠠᠯ ᠤᠨ ᠡᠷᠤᠭᠡ ᠵᠡᠷᠭᠡ 50 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ ᠃ | ᠲᠤᠰ ᠤᠳᠠᠭᠠᠨ ᠤ ᠠᠵᠢᠯᠯᠠᠭ᠎ᠠ ᠳᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠵᠠᠨ | ᠲᠠᠷᠢᠶᠠᠯᠠᠩ ᠤᠨ ᠬᠤᠷᠰᠢᠶ᠎ᠠ ᠪᠣᠯᠣᠨ ᠷᠦᠢ ᠲᠢᠶᠠᠨ ᠤ ᠲᠠᠷᠢᠶᠠᠯᠠᠩ ᠤᠨ ᠡᠵᠡᠩᠨᠡᠯᠲᠡ ᠶᠢᠨ ᠬᠤᠶᠠᠷ ᠰᠢᠨ᠎ᠡ | ᠬᠡᠯᠪᠡᠷᠢ ᠶᠢᠨ ᠭᠤᠣᠯ ᠴᠣᠭᠴᠠ ᠶᠢᠨ ᠲᠠᠷᠢᠮᠠᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ ᠂ ᠬᠤᠷᠰᠢᠶ᠎ᠠ ᠶᠢᠨ | ᠬᠠᠷᠢᠭᠤᠴᠠᠯᠭᠠᠲᠠᠨ ᠲᠠᠢ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠲᠤᠷᠰᠢᠯᠭ᠎ᠠ ᠪᠠ ᠠᠷᠭ᠎ᠠ ᠪᠠᠨ | ᠨᠢᠭᠤᠷᠲᠠᠨ ᠰᠣᠯᠢᠯᠴᠠᠵᠤ᠂ ᠡᠷᠳᠡᠨᠢ ᠰᠢᠰᠢ ᠶᠢᠨ ︽ᠨᠢᠭᠡ ᠰᠦᠷᠴᠢᠯᠲᠡ ᠪᠠᠷ ᠣᠯᠠᠨ ᠠᠬᠢᠭᠤᠯᠬᠤ︾ ᠮᠡᠷᠭᠡᠵᠢᠯ ᠪᠠ | ᠡᠷᠳᠡᠨᠢ ᠰᠢᠰᠢ ᠶᠢᠨ ︽ᠰᠠᠭᠤᠷᠢ ᠪᠣᠷᠳᠣᠭᠤᠷ ᠦᠭᠡᠢ︾ ᠪᠣᠷᠳᠣᠭᠤᠷ ᠣᠷᠣᠭᠤᠯᠬᠤ ᠮᠡᠷᠭᠡᠵᠢᠯ ᠤᠨ ᠬᠡᠷᠡᠭᠯᠡᠭᠡᠨ ᠤ | ᠦᠷ᠎ᠡ ᠪᠦᠲᠦᠮᠵᠢ ᠶᠢ ᠲᠤᠬᠠᠢ ᠶᠢᠨ ᠲᠠᠯᠠᠪᠤᠷ ᠲᠤᠨᠢ ᠲᠣᠭᠤᠷᠢᠨ ᠦᠵᠡᠵᠦ᠂ ᠡᠯ᠎ᠡ ᠬᠤᠰᠢᠭᠤ ᠰᠢᠶᠠᠨ ᠤ | ᠬᠤᠶᠢᠰᠢᠳᠠ ᠶᠢᠨ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠦᠢᠯᠡᠴᠢᠯᠡᠭᠡ ᠪᠣᠯᠤᠨ | ᠪᠣᠯᠪᠠᠰᠤᠷᠠᠯ ᠥᠷᠨᠢᠭᠦᠯᠬᠦ ᠳᠤ ᠰᠡᠳᠬᠢᠴᠡ ᠪᠠ ᠴᠢᠭᠯᠡᠯ ᠢ ᠬᠠᠩᠭᠠᠭᠰᠠᠨ ᠪᠠᠶᠢᠨ᠎ᠠ᠃ | ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠲᠦᠭᠡᠮᠡᠯᠵᠢᠭᠦᠯᠬᠦ ᠪᠣᠯ ᠬᠢᠮᠢ ᠶᠢᠨ | ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠦᠷ᠎ᠡ ᠪᠦᠲᠦᠮᠵᠢ ᠶᠢ | ᠰᠢᠯᠭᠠᠬᠤ ᠴᠢᠬᠤᠯᠠ ᠪᠠᠷᠢᠮᠵᠢᠶ᠎ᠠ ᠪᠣᠯᠣᠨ᠎ᠠ᠂ ᠤᠬᠠᠭᠤᠯᠭ᠎ᠠ ᠪᠣᠯᠪᠠᠰᠤᠷᠠᠯ ᠢ ᠥᠷᠭᠡᠨ ᠢᠶᠠᠷ ᠥᠷᠨᠢᠭᠦᠯᠬᠦ ᠪᠠᠷ ᠳᠠᠮᠵᠢᠨ ᠂ | ᠣᠶᠢᠷ᠎ᠠ ᠶᠢᠨ ᠬᠡᠳᠦᠨ ᠵᠢᠯ ᠳᠤ ᠤᠯᠠᠭᠠᠨᠴᠠᠪ ᠬᠤᠲᠠ ᠶᠢᠨ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ | ᠠᠰᠢᠭ ᠢ ᠨᠡᠮᠡᠭᠳᠡᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ ᠂ ᠪᠦᠬᠦ ᠬᠤᠲᠠ ᠶᠢᠨ ᠬᠢᠮᠢ ᠶᠢᠨ | ᠪᠣᠷᠳᠣᠭᠤᠷ ᠤᠨ ᠶᠡᠷᠦᠩᠬᠡᠢ ᠬᠡᠷᠡᠭᠯᠡᠭᠡᠨ ᠤ ᠬᠡᠮᠵᠢᠶ᠎ᠡ ᠵᠢᠯ ᠳᠠᠷᠠᠭᠠᠯᠠᠨ ᠪᠠᠭᠠᠰᠴᠤ ᠂ ᠲᠠᠷᠢᠶᠠᠴᠢᠨ ᠡᠷᠦᠬᠡ ᠶᠢᠨ | ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠤᠬᠠᠮᠰᠠᠷ ᠠᠭᠠᠵᠢᠮ ᠢᠶᠠᠷ ᠳᠡᠭᠡᠭᠰᠢᠯᠡᠭᠰᠡᠨ ᠪᠣᠯᠪᠠᠴᠤ | ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠦᠭᠡᠢ ᠂ ᠵᠣᠬᠢᠰ ᠦᠭᠡᠢ ᠪᠠᠷ ᠪᠣᠷᠳᠣᠭᠤᠷ ᠣᠷᠣᠭᠤᠯᠬᠤ ᠵᠡᠷᠭᠡ | ᠦᠵᠡᠭᠳᠡᠯ ᠮᠥᠨ ᠬᠦ ᠵᠣᠬᠢᠬᠤ ᠬᠡᠮᠵᠢᠶ᠎ᠡ ᠪᠠᠷ ᠣᠷᠣᠰᠢᠵᠤ ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ | ᠮᠡᠷᠭᠡᠵᠢᠯ ᠤᠨ ᠤᠬᠠᠭᠤᠯᠭ᠎ᠠ ᠪᠣᠯᠪᠠᠰᠤᠷᠠᠯ ᠢ ᠪᠠᠰᠠ ᠦᠷᠭᠦᠯᠵᠢᠯᠡᠨ ᠴᠢᠩᠭᠠᠳᠬᠠᠬᠤ ᠴᠢᠬᠤᠯᠠᠲᠠᠢ ᠪᠠᠶᠢᠨ᠎ᠠ ᠃ | ᠲᠠᠷᠠᠭᠠᠴᠢ ᠶᠢᠨ ᠠᠯᠬᠤᠮ ᠳᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ︽ᠵᠠᠭᠤᠨ ᠰᠢᠶᠠᠨ ᠮᠢᠩᠭᠠᠨ | ᠰᠢᠶᠠᠩ ᠲᠦᠮᠡᠨ ᠡᠷᠦᠬᠡ︾ ᠶᠢᠨ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠪᠣᠯᠪᠠᠰᠤᠷᠠᠯ | ᠪᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠪᠣᠯᠪᠠᠰᠤᠷᠠᠯ ᠢ ᠲᠦᠷᠭᠡᠳᠬᠡᠨ | ᠥᠷᠨᠢᠭᠦᠯᠵᠦ᠂ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠣᠯᠠᠨ ᠲᠠᠰ ᠳᠠᠪᠬᠤᠷᠭ᠎ᠠ᠂ ᠣᠯᠠᠨ ᠣᠷᠣᠨ ᠪᠠᠶᠢᠷᠢ᠂ | ᠣᠯᠠᠨ ᠬᠡᠯᠪᠡᠷᠢ ᠪᠠᠷ ᠠᠬᠢᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ | ᠪᠣᠷᠳᠣᠭᠤᠷ ᠣᠷᠣᠭᠤᠯᠬᠤ ᠦᠵᠡᠯ ᠤᠬᠠᠮᠰᠠᠷ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠣᠯᠤᠨ᠎ᠠ ᠃ |