60 ᠤᠷᠤᠯᠴᠠᠭᠴᠢ ︽ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠤ ᠰᠢᠢᠳᠪᠦᠷᠢᠲᠦ ᠤᠷᠤᠯᠳᠤᠭᠠᠨ ᠳᠤ ᠰᠢᠯᠭᠠᠷᠠᠪᠠ
ᠨᠡᠶᠢᠲᠡᠯᠡᠭᠰᠡᠨ ᠴᠠᠭ᠄
2023/9/1
      8 ᠰᠠᠷ᠎ᠠ ᠶᠢᠨ 31  ᠤ ᠡᠳᠦᠷ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ︽ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ ︾ ᠢ ᠰᠢᠯᠭᠠᠷᠠᠭᠤᠯᠬᠤ ᠤᠷᠤᠯᠳᠤᠭᠠᠨ ᠤ ᠠᠩᠬᠠᠨ ᠤ ᠰᠢᠯᠭᠠᠷᠠᠭᠤᠯᠤᠯᠲᠠ ᠳᠠᠭᠤᠰᠴᠤ ᠂ ᠪᠦᠬᠦ ᠣᠷᠣᠨ ᠤ 12 ᠠᠶᠢᠮᠠᠭ ᠬᠤᠳᠠ ᠶᠢᠨ 60 ᠤᠷᠤᠯᠴᠠᠭᠴᠢ ᠰᠣᠩᠭᠤᠭᠤᠯᠢ ᠳᠤ ᠣᠷᠣᠵᠤ ᠂ ᠡᠴᠦᠰ ᠤᠨ ᠥᠷᠢᠰᠦᠯᠳᠦᠭᠡᠨ ᠳᠤ ᠣᠷᠣᠯᠴᠠᠬᠤ ᠪᠠᠷ ᠪᠤᠢ ᠃      ᠣᠶᠢᠯᠠᠭᠠᠭᠰᠠᠨ ᠢᠶᠠᠷ᠂ ᠪᠥᠬᠦ ᠣᠷᠣᠨ ᠤ ᠨᠡᠶᠢᠲᠡ 219 ᠤᠷᠤᠯᠴᠠᠭᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ ᠤ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠡᠮᠬᠢᠯᠡᠬᠦ ᠶᠢᠨ ᠬᠠᠮᠲᠤ ᠲᠠᠮᠢᠷᠴᠢᠳ ᠲᠠᠢ ᠬᠠᠷᠢᠯᠴᠠᠵᠤ᠂ ᠡᠴᠦᠰ ᠲᠡᠭᠡᠨ 161 ᠤᠷᠤᠯᠴᠠᠭᠴᠢ ᠤᠷᠤᠯᠳᠤᠭᠠᠨ ᠳᠤ ᠣᠷᠣᠯᠴᠠᠬᠤ ᠬᠢᠷᠢ ᠬᠡᠮ ᠳᠤ ᠨᠡᠶᠢᠴᠡᠬᠦ ᠪᠠᠷ ᠲᠣᠭᠲᠠᠭᠠᠭᠰᠠᠨ ᠪᠥᠭᠡᠳ ᠵᠣᠬᠢᠶᠠᠨ ᠪᠠᠶᠢᠭᠤᠯᠬᠤ ᠺᠣᠮᠢᠰ ᠲᠤ ᠨᠤᠲᠤᠭ ᠤᠨ ᠢᠶᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠤᠭᠰᠠᠨ ᠣᠬᠤᠷ ᠸᠢᠳᠢᠤ᠋ ᠶᠢᠨ ᠪᠦᠲᠦᠭᠡᠯ ᠢ ᠮᠡᠳᠡᠭᠦᠯᠦᠨ ᠬᠦᠷᠭᠡᠭᠰᠡᠨ ᠪᠠᠶᠢᠨ᠎ᠠ᠃ ᠰᠢᠯᠭᠠᠷᠠᠭᠤᠯᠤᠯᠲᠠ ᠶᠢᠨ ᠲᠤᠰᠬᠠᠢ ᠮᠡᠷᠭᠡᠵᠢᠯᠲᠡᠨ ᠠᠳᠠᠯᠢ ᠪᠤᠰᠤ ᠲᠤᠰᠬᠠᠢ ᠮᠡᠷᠭᠡᠵᠢᠯ ᠤᠨ ᠲᠠᠯ᠎ᠠ   ᠠᠴᠠ ᠭᠦᠨᠵᠡᠭᠡᠢ ᠶᠠᠷᠢᠯᠴᠠᠵᠤ᠂ ᠡᠷᠬᠡ ᠲᠡᠭᠰᠢ ᠲᠥᠪ ᠭᠤᠥᠯᠴᠢ ᠪᠠᠶᠢᠬᠤ ᠵᠠᠷᠴᠢᠮ ᠶᠣᠰᠣᠭᠠᠷ᠂ ᠤᠷᠤᠯᠴᠠᠭᠴᠢ ᠤᠨ ᠮᠡᠳᠡᠭᠦᠯᠦᠭᠰᠡᠨ ᠳ᠋ᠸᠦ ᠶᠢᠨ ᠳ᠋ᠤᠭᠠᠷ ᠵᠢᠴᠢ ᠪᠠ ᠸᠢᠳᠢᠤ᠋ ᠳ᠋ᠤᠭᠠᠷ ᠤᠨ ᠡᠷᠡᠬᠡᠢ ᠱᠠᠩᠨᠠᠭᠰᠠᠨ ᠂ ᠳᠠᠮᠵᠢᠭᠤᠯᠤᠨ ᠲᠠᠷᠬᠠᠭᠠᠭᠰᠠᠨ ᠂ ᠬᠤᠷᠢᠶᠠᠨ ᠬᠠᠳᠠᠭᠠᠯᠠᠭᠰᠠᠨ ᠂ ᠦᠨᠡᠯᠡᠭᠰᠡᠨ ᠲᠤᠭ᠎ᠠ ᠪᠠᠷᠢᠮᠲᠠ ᠶᠢ ᠰᠢᠯᠭᠠᠷᠠᠭᠤᠯᠬᠤ ᠪᠠᠷ ᠳᠡᠮᠵᠢᠨ᠂ ᠨᠡᠶᠢᠲᠡ 60 ᠨᠡᠷᠡᠰ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠰᠦᠯᠵᠢᠶᠡᠨ ᠤ ᠨᠡᠷ᠎ᠡ ᠴᠤᠤᠲᠤ ᠬᠥᠮᠥᠰ ᠢ ᠰᠢᠯᠭᠠᠷᠠᠭᠤᠯᠤᠨ ᠰᠢᠢᠳᠪᠦᠷᠢᠲᠦ ᠤᠷᠤᠯᠳᠤᠭᠠᠨ ᠳᠤ ᠣᠷᠣᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠠᠴᠠ ᠨᠠᠮ ᠤᠨ ᠬᠤᠷᠢᠶ᠎ᠠ ᠶᠢᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠢ ᠲᠠᠨᠢᠯᠴᠠᠭᠤᠯᠬᠤ ᠲᠤᠰᠢᠶᠠᠯᠲᠠᠨ︾ ᠢ ᠰᠢᠯᠭᠠᠷᠠᠭᠤᠯᠬᠤ ᠤᠷᠤᠯᠳᠤᠭᠠᠨ 7 ᠰᠠᠷ᠎ᠠ ᠶᠢᠨ 24 ᠤ ᠡᠳᠦᠷ ᠠᠴᠠ ᠪᠥᠬᠦ ᠣᠷᠣᠨ ᠤ 12 ᠠᠶᠢᠮᠠᠭ ᠬᠤᠲᠠ ᠶᠢᠨ ᠮᠠᠯᠴᠢᠨ ᠲᠠᠷᠢᠶᠠᠴᠢᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ︽ᠰᠦᠯᠵᠢᠶᠡᠨ ᠳᠤ ᠮᠡᠷᠭᠡᠰᠢᠭᠰᠡᠨ ᠬᠥᠮᠥᠨ︾ ᠢᠳᠡᠪᠬᠢᠲᠡᠢ ᠪᠠᠷ ᠨᠡᠷ᠎ᠡ ᠮᠡᠳᠡᠭᠦᠯᠵᠦ᠂ ᠠᠯᠢ ᠣᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠣᠬᠤᠷ ᠸᠢᠳᠢᠤ᠋ ᠶᠢ ᠰᠡᠭᠦᠳᠡᠷᠯᠡᠨ ᠭᠠᠷᠭᠠᠵᠤ᠂ ᠡᠯ᠎ᠡ ᠠᠶᠢᠮᠠᠭ ᠬᠤᠲᠠ ᠶᠢᠨ ᠥᠪᠡᠷᠮᠢᠴᠡ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠠᠬᠢ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ  ᠪᠣᠯᠪᠠᠰᠤᠷᠠᠯ ᠤᠨ ᠬᠠᠪᠰᠤᠷᠤᠨ ᠵᠢᠯᠤᠭᠤᠳᠬᠤ ᠶᠢ ᠵᠣᠬᠢᠶᠠᠨ ᠪᠠᠶᠢᠭᠤᠯᠵᠤ᠂ ᠰᠢᠭᠤᠳ ᠨᠡᠪᠲᠡᠷᠡᠭᠦᠯᠦᠨ ᠲᠠᠨᠢᠯᠴᠠᠭᠤᠯᠬᠤ᠂ ᠬᠠᠷᠠᠭᠠᠨ ᠳᠠᠪᠲᠠᠮᠵᠢ ᠪᠠᠷ ᠦᠢᠯᠡᠳᠬᠦ ᠠᠵᠢᠯ ᠢ ᠥᠷᠨᠢᠭᠦᠯᠦᠨ᠂ ᠰᠢᠯᠢᠭᠳᠡᠭᠰᠡᠨ  ᠤᠷᠤᠯᠴᠠᠭᠴᠢ ᠶᠢᠨ ᠰᠢᠭᠤᠳ ᠨᠡᠪᠲᠡᠷᠡᠭᠦᠯᠦᠨ ᠪᠠᠷᠠᠭ᠎ᠠ ᠠᠪᠬᠤ ᠵᠢᠴᠢ ᠣᠬᠤᠷ ᠸᠢᠳᠢᠣ᠋ ᠰᠡᠭᠦᠳᠡᠷᠯᠡᠨ ᠦᠢᠯᠡᠳᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠩ ᠰᠠᠶᠢᠲᠤᠷ ᠤᠬᠠᠭᠤᠯᠤᠨ ᠲᠠᠨᠢᠯᠴᠠᠭᠤᠯᠬᠤ ᠪᠠᠷ ᠪᠣᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号