ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ • ᠬᠠᠷᠠᠴᠢᠨ ᠤ ᠲᠥᠪᠡᠳ ᠬᠠᠰᠢ ᠶᠢᠨ ᠨᠠᠶᠢᠷ | ᠣᠶᠢᠷ᠎ᠠ ᠳᠤ ᠡᠬᠢᠯᠡᠪᠡ᠃ ᠲᠣᠰ ᠬᠤᠭᠤᠴᠠᠭᠠᠨ ᠤ ᠲᠥᠪᠡᠳ ᠬᠠᠰᠢ ᠶᠢᠨ ᠨᠠᠶᠢᠷ ︽ᠲᠥᠪᠡᠳ ᠬᠠᠰᠢ ᠶᠢᠨ ᠬᠤᠩ ᠹᠦ᠋ | ᠲᠦᠷᠦᠯ ᠲᠡᠮᠳᠡᠭ ᠢ ᠪᠣᠶ ᠪᠣᠯᠭᠠᠵᠤ᠂ ᠬᠥᠳᠡᠭᠡ ᠲᠤᠰᠬᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠳᠤ | ᠬᠦᠴᠦ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠵᠤ᠂ ᠬᠠᠷᠠᠴᠢᠨ ᠬᠤᠰᠢᠭᠤᠨ ᠤ 150 ᠭᠠᠷᠤᠶ ᠲᠥᠪᠡᠳ | ᠬᠠᠰᠢ ᠶᠢᠨ ᠲᠥᠷᠥᠯ ᠵᠦᠢᠯ ᠢ ᠳᠡᠯᠭᠡᠨ ᠦᠵᠡᠭᠦᠯᠦᠭᠰᠡᠨ ᠪᠥᠭᠡᠳ ᠲᠤᠬᠠᠶ ᠶᠢᠨ ᠲᠠᠯᠠᠪᠠᠢ ᠳᠤ ᠲᠣᠭᠤᠷᠢᠨ ᠦᠵᠡᠬᠦ᠂ | ᠡᠬᠢ ᠪᠠᠶᠠᠯᠢᠭ ᠢ ᠵᠣᠯᠭᠠᠭᠤᠯᠬᠤ᠂ ᠪᠦᠲᠦᠭᠡᠭᠳᠡᠭᠦᠨ ᠢ ᠠᠷᠠᠯᠵᠢᠶᠠᠯᠠᠬᠤ ᠪᠠ ᠲᠥᠷᠥᠯ ᠵᠦᠢᠯ ᠢ ᠵᠥᠪᠳᠡᠨ ᠶᠠᠷᠢᠯᠴᠠᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠷᠠᠴᠢᠨ ᠬᠤᠰᠢᠭᠤᠨ ᠤ ᠲᠥᠪᠡᠳ ᠬᠠᠰᠢ ᠶᠢᠨ ᠠᠵᠤ ᠦᠢᠯᠡᠰ ᠤᠨ | ᠬᠦᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ | | | | | ᠲᠦᠪᠡᠳ ᠬᠠᠰᠢ | | ᠤᠢᠢᠷ᠎ᠠ ᠶᠢᠨ ᠵᠢᠯ ᠠᠴᠠ ᠨᠠᠭᠠᠰᠢ᠂ ᠬᠠᠷᠠᠴᠢᠨ ᠬᠤᠰᠢᠭᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠣᠬᠢᠷᠲᠤᠯ ᠦᠭᠡᠢ ᠬᠦᠭᠵᠢᠭᠦᠯᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠷᠢᠯᠢᠭ᠂ ᠥᠪᠡᠷᠮᠢᠴᠡ ᠣᠨᠴᠠᠯᠢᠭ ᠲᠠᠢ᠂ ᠥᠨᠳᠥᠷ ᠦᠷ᠎ᠡ ᠠᠰᠢᠭ | ᠲᠠᠢ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠢᠯᠠᠩᠭᠤᠶ᠎ᠡ | ᠲᠦᠬᠦᠭᠡᠷᠦᠮᠵᠢᠲᠦ ᠢᠳᠡᠰᠢᠨ ᠨᠣᠭᠤᠭ᠎ᠠ ᠶᠢᠨ ᠠᠵᠤ ᠦᠢᠯᠡᠰ ᠢ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠂ | ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯᠯᠠᠭᠴᠢ ᠠᠵᠤ ᠦᠢᠯᠡᠰ ᠪᠣᠯᠭᠠᠨ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ ᠃ ᠪᠥᠬᠦ ᠬᠤᠰᠢᠭᠤᠨ ᠤ ᠬᠠᠲᠠᠭᠤ ᠵᠢᠮᠢᠰᠲᠦ ᠲᠥᠪᠡᠳ ᠬᠠᠰᠢ᠂ | ᠴᠢᠨᠵᠤᠤ ᠪᠠᠷ ᠭᠤᠣᠯ ᠪᠣᠯᠭᠠᠭᠰᠠᠨ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ 10.7 ᠲᠦᠮᠡᠨ | ᠮᠸ ᠳᠤ ᠬᠦᠷᠴᠦ᠂ ᠵᠢᠯ ᠳᠤ ᠡᠯ᠎ᠡ ᠲᠥᠷᠥᠯ ᠤᠨ ᠴᠢᠨᠠᠷ ᠰᠠᠶᠢᠲᠠᠢ ᠢᠳᠡᠰᠢᠨ ᠨᠣᠭᠤᠭ᠎ᠠ ᠶᠢ 90 ᠲᠦᠮᠡᠨ ᠲᠤᠨ ᠠᠴᠠ | ᠳᠡᠭᠡᠭᠰᠢ ᠦᠢᠯᠡᠳᠪᠦᠷᠢᠯᠡᠵᠦ ᠂ ᠡᠭᠦᠨ ᠳᠤ ᠬᠠᠲᠠᠭᠤ ᠵᠢᠮᠢᠰᠲᠦ ᠲᠥᠪᠡᠳ ᠬᠠᠰᠢ ᠶᠢᠨ ᠲᠠᠷᠢᠮᠠᠯ ᠤᠨ ᠲᠠᠯᠠᠪᠠᠶ ᠨᠢ 10 | ᠲᠦᠮᠡᠨ ᠮᠸ ᠳᠤ ᠬᠦᠷᠴᠦ ᠂ ᠦᠢᠯᠡᠳᠭᠦᠨ ᠤ ᠶᠡᠷᠦᠩᠬᠡᠶ ᠥᠷᠲᠡᠭ ᠨᠢ 50 ᠳ᠋ᠦᠩᠰᠢᠭᠤᠷ ᠲᠦᠭᠦᠷᠢᠭ ᠲᠤ ᠬᠦᠷᠴᠦ᠂ | ᠤᠮᠠᠷᠠᠲᠤ ᠣᠷᠣᠨ ᠤ ᠲᠠᠩ ᠪᠡᠶᠡᠲᠦ ᠰᠡᠷᠢᠭᠦᠨ ᠬᠦᠯᠡᠮᠵᠢ ᠳᠤ ᠳᠠᠷᠢᠬᠤ ᠲᠠᠯᠠᠪᠠᠶ ᠪᠠᠷ ᠬᠠᠮᠤᠭ ᠤᠨ ᠶᠡᠭᠡ ᠬᠠᠲᠠᠭᠤ | ᠵᠢᠮᠢᠰᠲᠦ ᠲᠥᠪᠡᠳ ᠬᠠᠰᠢ ᠦᠢᠯᠡᠳᠪᠦᠷᠢᠯᠡᠬᠦ ᠰᠠᠭᠤᠷᠢᠨ ᠪᠣᠯᠵᠣ᠂ ᠪᠦᠲᠦᠭᠡᠭᠳᠡᠭᠦᠨ ᠨᠢ ᠤᠯᠤᠰ ᠤᠨ ᠳᠣᠲᠣᠭᠠᠳᠤ | ᠭᠠᠳᠠᠭᠠᠳᠤ ᠳᠤ ᠪᠣᠷᠤᠯᠠᠭᠤᠯᠤᠭᠳᠠᠵᠤ ᠪᠤᠢ᠃ ᠡᠭᠦᠨ ᠠᠴᠠ ᠭᠠᠳᠠᠨ᠎ᠠ᠂ 3356 ᠮᠥ᠂ ᠨᠡᠶᠢᠲᠡ 50 ᠳ᠋ᠦᠩᠰᠢᠭᠤᠷ | ᠲᠦᠭᠦᠷᠢᠭ ᠤᠨ ᠪᠠᠯᠠ ᠣᠷᠤᠭᠤᠯᠤᠭᠰᠠᠨ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠤᠶᠤᠨᠳᠦ ᠬᠦᠯᠡᠮᠵᠢ ᠶᠢ ᠵᠢᠯ ᠤᠨ ᠡᠴᠦᠰ ᠲᠤ | ᠪᠦᠳᠦᠭᠡᠨ ᠪᠠᠶᠢᠭᠤᠯᠵᠤ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠵᠢᠱᠢᠯᠲᠡ ᠪᠠᠷ ᠵᠢᠯ ᠳᠤ 1.2 | ᠲᠦᠮᠡᠨ ᠲᠣᠨ ᠲᠥᠪᠡᠳ ᠬᠠᠰᠢ ᠦᠢᠯᠡᠳᠪᠦᠷᠢᠯᠡᠵᠦ ᠂ ᠡᠷᠬᠢᠨ ᠲᠤᠭᠤᠷᠢᠨ ᠤ ᠭᠠᠵᠠᠷ ᠣᠷᠣᠨ ᠤ 1000 ᠭᠠᠷᠤᠶ | ᠬᠦᠮᠦᠨ ᠢ ᠳᠠᠶᠢᠴᠢᠯᠠᠨ ᠠᠵᠢᠯ ᠣᠯᠭᠤᠨ ᠣᠷᠣᠯᠭ᠎ᠠ ᠶᠢ ᠨᠢ ᠨᠡᠮᠡᠭᠳᠡᠭᠦᠯᠵᠦ ᠂ ᠦᠢᠯᠡᠳᠭᠦᠨ ᠤ ᠥᠷᠲᠡᠭ ᠨᠢ 3 | ᠳ᠋ᠦᠩᠰᠢᠭᠤᠷ ᠲᠦᠭᠦᠷᠢᠭ ᠠᠴᠠ ᠳᠡᠭᠡᠭᠰᠢ ᠳᠤ ᠬᠥᠷᠬᠦ ᠪᠣᠯᠤᠨ᠎ᠠ᠃ | ︽ᠬᠠᠷᠠᠴᠢᠨ ᠬᠤᠰᠢᠭᠤ ᠵᠠᠭᠤᠨ ᠳ᠋ᠦᠩᠰᠢᠭᠤᠷ ᠤᠨ ᠲᠠᠰ ᠤᠨ ᠲᠦᠭᠦᠭᠡᠷᠦᠮᠵᠢ ᠶᠢᠨ ᠢᠳᠡᠰᠢᠨ ᠨᠣᠭᠤᠭᠠᠨ ᠤ | ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠬᠤ ᠬᠠᠷᠠᠯᠲᠠ ᠳᠤ ᠰᠠᠭᠤᠷᠢᠯᠠᠨ᠂ ᠳᠠᠭᠠᠭᠤᠯᠤᠭᠴᠢ ᠠᠵᠤ ᠠᠬᠤᠶᠢᠯᠠᠯ | ᠪᠠ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠲᠦᠰᠢᠭᠯᠡᠨ ᠂ ︿ᠬᠤᠩ ᠹᠦ᠋ ᠱᠠᠪᠲᠠᠯ᠎ᠠ﹀ ᠶᠢᠨ ᠲᠥᠷᠥᠯ | ᠲᠡᠮᠳᠡᠭ ᠤᠨ ᠦᠢᠯᠡᠳᠦᠯ ᠢ ᠠᠰᠢᠭᠯᠠᠨ ᠂ ᠲᠠᠷᠢᠶᠠᠯᠠᠩ ᠪᠠ ᠠᠷᠠᠯᠵᠢᠶᠠᠴᠢᠨ ᠢ ᠵᠣᠯᠭᠠᠭᠤᠯᠬᠤ᠂ ᠲᠠᠷᠢᠶᠠᠯᠠᠩ ᠪᠠ ᠬᠠᠮ | ᠳᠡᠯᠭᠡᠭᠦᠷ ᠢ ᠵᠣᠯᠭᠠᠭᠤᠯᠬᠤ᠂ ᠦᠢᠯᠡᠳᠪᠦᠷᠢᠯᠡᠯ ᠪᠠ ᠪᠣᠷᠣᠯᠠᠭᠤᠯᠭ᠎ᠠ ᠶᠢ ᠵᠣᠯᠭᠠᠭᠤᠯᠬᠤ ᠶᠢ ᠪᠥᠬᠦ ᠬᠦᠴᠦᠨ ᠢᠶᠠᠷ | ᠠᠬᠢᠭᠤᠯᠵᠤ᠂ ᠬᠠᠲᠠᠭᠤ ᠵᠢᠮᠢᠰᠲᠦ ᠲᠥᠪᠡᠳ ᠬᠠᠰᠢ ᠶᠢᠨ ᠨᠢᠭᠡᠴᠢ ᠦᠨ᠎ᠡ ᠪᠠ ᠮᠥ ᠳᠤᠮᠳᠠᠴᠢ ᠠᠰᠢᠭ ᠣᠷᠣᠯᠭ᠎ᠠ ᠶᠢ | ᠳᠡᠭᠡᠭᠰᠢᠯᠡᠭᠦᠯᠵᠦ ᠂ ᠶᠠᠰᠤ ᠴᠢᠨᠠᠷ ᠪᠠ ᠦᠨ᠎ᠡ ᠥᠷᠲᠡᠭ ᠨᠢ ᠠᠳᠠᠯᠢ ᠪᠤᠰᠤ ᠪᠠᠶᠢᠬᠤ ᠠᠰᠠᠭᠤᠳᠠᠯ ᠢ ᠲᠣᠶᠢᠯᠪᠤᠷᠢᠲᠠᠢ | ᠰᠢᠢᠳᠪᠦᠷᠢᠯᠡᠨ᠎ᠡ ︾ ᠭᠡᠵᠦ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠢᠯᠡᠳᠭᠡᠪᠡ᠃ | |