ᠬᠤᠨᠢ ᠡᠪᠡᠰᠦ ᠢᠳᠡᠬᠦ ᠦᠭᠡᠢ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ
ᠨᠡᠶᠢᠲᠡᠯᠡᠭᠰᠡᠨ ᠴᠠᠭ᠄
2023/9/1
      1.ᠬᠠᠯᠠᠭᠤᠷᠠᠭᠰᠠᠨ ᠠᠴᠠ ᠪᠣᠯᠵᠤ ᠬᠤᠨᠢ ᠡᠪᠡᠰᠦ ᠢᠳᠡᠬᠦ ᠦᠭᠡᠢ ᠪᠣᠯᠬᠤ      ᠬᠤᠨᠢᠨ ᠤ ᠬᠡᠪ ᠤᠨ ᠪᠡᠶ᠎ᠡ ᠶᠢᠨ ᠳᠤᠯᠠᠭᠠᠨ ᠨᠢ 38.5℃ — 39.5℃ ᠤᠨ ᠬᠤᠭᠤᠷᠣᠨᠳᠤ ᠪᠠᠶᠢᠳᠠᠭ᠂ ᠬᠡᠷᠪᠡ ᠬᠤᠨᠢ ᠡᠪᠡᠰᠦ ᠢᠳᠡᠬᠦ ᠦᠭᠡᠢ ᠪᠠᠶᠢᠳᠠᠯ ᠭᠠᠷᠪᠠᠯ᠂ ᠪᠢᠳᠡ ᠵᠠᠪᠠᠯ ᠴᠠᠭ ᠲᠤᠬᠠᠢ ᠳᠤ ᠨᠢ ᠬᠤᠨᠢᠨ ᠤ ᠪᠡᠶ᠎ᠡ ᠶᠢᠨ ᠳᠤᠯᠠᠭᠠᠨ ᠢ ᠬᠡᠮᠵᠢᠬᠦ ᠬᠡᠷᠡᠭᠲᠡᠢ᠂ ᠤᠴᠢᠷ ᠨᠢ ᠣᠯᠠᠩᠬᠢ ᠳᠠᠭᠠᠨ ᠬᠤᠨᠢ ᠡᠪᠡᠰᠦ ᠢᠳᠡᠬᠦ ᠦᠭᠡᠢ ᠪᠠᠶᠢᠬᠤ ᠨᠢ ᠪᠦᠷ ᠬᠠᠯᠠᠭᠤᠷᠠᠭᠰᠠᠨ ᠠᠴᠠ ᠪᠣᠯᠤᠭᠰᠠᠨ ᠶᠤᠮ᠃ ᠬᠤᠨᠢᠨ ᠤ ᠬᠠᠯᠠᠭᠤᠨ ᠢ ᠪᠠᠭᠤᠷᠠᠭᠤᠯᠬᠤ ᠦᠶ᠎ᠡ ᠳᠤ᠂ ᠪᠢᠳᠡ ᠲᠸᠦ ᠪᠣᠣ + ᠴᠠᠢ ᠬᠤ᠋ ᠶᠢ ᠬᠡᠷᠡᠭᠯᠡᠵᠦ᠂ ᠳᠠᠬᠢᠨ ᠨᠡᠶᠢᠯᠡᠮᠡᠯ ᠸᠢᠲ᠋ᠠᠮᠢᠨ B ᠲᠠᠢ ᠬᠠᠮᠲᠤᠷᠠᠭᠤᠯᠵᠤ ᠬᠠᠯᠠᠭᠤᠨ ᠢ ᠪᠠᠭᠤᠷᠠᠭᠤᠯᠤᠨ᠎ᠠ᠃ ᠬᠡᠷᠪᠡ ᠮᠠᠨ ᠤ ᠬᠤᠨᠢ ᠦᠷᠭᠦᠯᠵᠢ ᠬᠠᠯᠠᠭᠤᠷᠠᠬᠤ ᠦᠵᠡᠭᠳᠡᠯ ᠭᠠᠷᠪᠠᠯ᠂ ᠬᠤᠨᠢᠨ ᠤ  ᠡᠭᠡᠯᠢᠯᠡᠭᠡ ᠶᠢᠨ ᠴᠢᠳᠠᠪᠤᠷᠢ ᠨᠢ ᠨᠡᠯᠢᠶᠡᠳ ᠠᠨᠠᠢ ᠪᠤᠯᠳᠠᠭ ᠂ ᠤᠰᠤ ᠤᠤᠭᠤᠬᠤ ᠪᠤᠶᠤ ᠴᠢᠩ ᠸᠧᠨ ᠲᠠᠢ ᠪᠣᠣ ᠶᠢ ᠢᠳᠡᠰᠢᠨ ᠳᠤ ᠬᠤᠯᠢᠨ ᠢᠳᠡᠭᠦᠯᠵᠦ ᠪᠣᠯᠤᠨ᠎ᠠ᠂ ᠲᠡᠷᠡ ᠨᠢ ᠬᠤᠨᠢᠨ ᠤ ᠡᠪᠡᠳᠴᠢᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠨᠢᠨ ᠤ ᠰᠦᠷᠦᠭ ᠤᠨ ᠸᠢᠷᠦ᠋ᠰ ᠤᠨ ᠴᠢᠨᠠᠷᠲᠠᠢ ᠡᠪᠡᠳᠴᠢᠨ ᠳᠤ ᠨᠡᠷᠪᠡᠭᠳᠡᠬᠦ ᠶᠢ ᠰᠡᠷᠭᠡᠶᠢᠯᠡᠵᠦ ᠴᠢᠳᠠᠨ᠎ᠠ᠃      2.ᠬᠤᠷᠭᠤᠰᠤᠯᠠᠭᠰᠠᠨ ᠠᠴᠠ ᠪᠣᠯᠵᠤ ᠬᠤᠨᠢ ᠡᠪᠡᠰᠦ ᠢᠳᠡᠬᠦ ᠦᠭᠡᠢ ᠪᠣᠯᠬᠤ      ᠬᠤᠨᠢ ᠬᠤᠷᠭᠤᠰᠤᠯᠠᠬᠤ ᠦᠶ᠎ᠡ ᠳᠤ ᠡᠪᠡᠰᠦ ᠢᠳᠡᠬᠦ ᠦᠭᠡᠢ ᠪᠠᠶᠢᠳᠠᠯ ᠠᠮᠠᠷᠬᠠᠨ ᠭᠠᠷᠳᠠᠭ᠂ ᠬᠤᠷᠠᠭ᠎ᠠ ᠶᠢᠨ ᠬᠤᠷᠭᠤᠰᠤᠯᠠᠬᠤ ᠶᠢᠨ ᠰᠢᠯᠲᠠᠭᠠᠨ ᠨᠢ ᠴᠦ ᠣᠯᠠᠨ ᠲᠠᠯ᠎ᠠ ᠶᠢᠨ ᠪᠠᠶᠢᠳᠠᠭ᠂ ᠵᠢᠱᠢᠶᠡᠯᠡᠪᠡᠯ᠂ ᠡᠮ᠎ᠡ ᠬᠤᠨᠢ ᠨᠢ ᠶᠡᠷᠦ ᠳᠡᠭᠡᠨ ᠹᠢᠽᠢᠣᠯᠣᠭᠢ ᠶᠢᠨ ᠰᠢᠯᠲᠠᠭᠠᠨ ᠠᠴᠠ ᠪᠣᠯᠵᠤ ᠬᠤᠷᠭᠤᠰᠤᠯᠠᠳᠠᠭ᠂ ᠪᠣᠷᠳᠣᠵᠤ ᠲᠠᠷᠭᠤᠯᠠᠭᠤᠯᠤᠭᠰᠠᠨ ᠬᠤᠨᠢ ᠨᠢ ᠭᠤᠣᠯᠳᠠᠭᠤ ᠤᠤᠭᠤᠬᠤ ᠤᠰᠤᠨ ᠤ ᠬᠡᠮᠵᠢᠶ᠎ᠡ ᠬᠦᠷᠦᠯᠴᠡᠬᠦ ᠦᠭᠡᠢ ᠠᠴᠠ ᠪᠣᠯᠵᠤ ᠬᠤᠷᠭᠤᠰᠤᠯᠠᠳᠠᠭ᠃ ᠬᠤᠨᠢᠨ ᠤ ᠬᠤᠷᠭᠤᠰᠤᠯᠠᠬᠤ ᠪᠠᠶᠢᠳᠠᠯ ᠲᠣᠬᠢᠶᠠᠯᠳᠤᠪᠠᠯ᠂ ᠪᠢᠳᠡ ᠬᠤᠷᠭᠤᠰᠤᠯᠠᠬᠤ ᠳᠠᠭᠠᠨ ᠺᠠᠰᠠᠶᠢᠯᠤ ᠬᠡᠷᠡᠭᠯᠡᠬᠦ ᠪᠤᠶᠤ ᠪᠦᠦ ᠱᠢ ᠲᠠᠢ ᠪᠦᠦ ᠵᠡᠭᠦᠦ ᠬᠡᠷᠡᠭᠯᠡᠵᠦ ᠪᠣᠯᠤᠨ᠎ᠠ᠂ ᠡᠨᠡ ᠨᠢ ᠬᠤᠨᠢᠨ ᠤ ᠬᠤᠷᠭᠤᠰᠤᠯᠠᠬᠤ ᠶᠢ ᠬᠥᠩᠭᠡᠷᠡᠭᠦᠯᠬᠦ ᠳᠤ ᠲᠤᠰᠠᠲᠠᠢ ᠶᠤᠮ᠃ ᠬᠤᠨᠢᠨ ᠤ ᠬᠤᠷᠭᠤᠰᠤᠯᠠᠬᠤ ᠨᠠᠮᠳᠠᠭᠰᠠᠨ ᠤ ᠳᠠᠷᠠᠭ᠎ᠠ᠂ ᠪᠢᠳᠡ ᠬᠤᠨᠢᠨ ᠳᠤ ᠤᠰᠤ ᠤᠤᠭᠤᠯᠭᠠᠬᠤ ᠪᠤᠶᠤ ᠺᠠᠢ ᠱᠢ ᠲᠠᠢ ᠪᠣᠣ ᠶᠢ ᠤᠤᠭᠤᠯᠭᠠᠵᠤ ᠪᠣᠯᠣᠨ᠎ᠠ᠂ ᠲᠡᠷᠡ ᠨᠢ ᠮᠠᠰᠢ ᠰᠠᠶᠢᠨ ᠬᠤᠳᠣᠭᠤᠳᠤ ᠶᠢ ᠰᠠᠶᠢᠵᠢᠷᠠᠭᠤᠯᠤᠨ ᠢᠳᠡᠰᠢ ᠰᠠᠶᠢᠵᠢᠷᠠᠭᠤᠯᠬᠤ ᠦᠢᠯᠡᠳᠦᠯ ᠲᠠᠢ ᠶᠤᠮ᠃      3. ᠬᠤᠳᠣᠭᠤᠳᠤ ᠭᠡᠳᠡᠰᠦᠨ ᠤ ᠵᠠᠮ ᠤᠨ ᠡᠪᠡᠳᠴᠢᠨ ᠠᠴᠠ ᠪᠣᠯᠵᠤ ᠬᠤᠨᠢ ᠡᠪᠡᠰᠦ ᠢᠳᠡᠬᠦ ᠦᠭᠡᠢ ᠪᠣᠯᠬᠤ      ᠬᠤᠨᠢᠨ ᠳᠤ ᠬᠤᠳᠣᠭᠤᠳᠤ ᠭᠡᠳᠡᠰᠦᠨ ᠤ ᠡᠪᠡᠳᠴᠢᠨ ᠡᠭᠦᠰᠬᠦ ᠦᠶ᠎ᠡ ᠳᠤ ᠪᠠᠰᠠ ᠬᠡᠪᠢᠬᠦ ᠦᠭᠡᠢ᠂ ᠡᠪᠡᠰᠦ ᠢᠳᠡᠬᠦ ᠦᠭᠡᠢ ᠪᠠᠶᠢᠳᠠᠯ ᠭᠠᠷᠳᠠᠭ᠃ ᠬᠡᠷᠪᠡ ᠬᠤᠨᠢᠨ ᠤ ᠡᠪᠡᠳᠴᠢᠨ ᠤ ᠢᠯᠡᠷᠡᠯ ᠨᠢ ᠢᠯᠡᠷᠬᠡᠢ ᠪᠢᠰᠢ᠂  ᠭᠡᠪᠡᠴᠦ ᠢᠳᠡᠰᠢᠯᠡᠬᠦ ᠬᠡᠮᠵᠢᠶ᠎ᠡ ᠨᠢ ᠪᠠᠭᠤᠷᠠᠬᠤ ᠪᠤᠶᠤ ᠡᠪᠡᠰᠦ ᠢᠳᠡᠬᠦ ᠪᠠᠨ ᠪᠣᠯᠢᠬᠤ ᠨᠢ ᠵᠠᠷᠢᠮ ᠬᠤᠳᠣᠭᠤᠳᠤ ᠭᠡᠳᠡᠰᠦᠨ ᠤ ᠡᠪᠡᠳᠴᠢᠨ ᠠᠴᠠ ᠪᠣᠯᠤᠭᠰᠠᠨ ᠪᠠᠶᠢᠵᠤ ᠮᠡᠳᠡᠨ᠎ᠡ᠃ ᠡᠨᠡ ᠬᠦ ᠪᠠᠶᠢᠳᠠᠯ ᠳᠤ ᠪᠢᠳᠡ ᠭᠤᠣᠯᠳᠠᠭᠤ ᠬᠤᠳᠣᠭᠤᠳᠤ ᠶᠢ ᠴᠢᠭᠢᠷᠠᠭᠵᠢᠭᠤᠯᠵᠤ ᠢᠳᠡᠰᠢ ᠶᠢ ᠠᠬᠢᠭᠤᠯᠬᠤ ᠪᠠᠷ ᠭᠤᠣᠯᠯᠠᠵᠤ᠂ ᠬᠤᠨᠢᠨ ᠳᠤ ᠪᠦᠦ ᠱᠢ ᠲᠠᠢ ᠪᠦᠦ ᠵᠡᠭᠦᠦ ᠬᠠᠳᠬᠤᠵᠤ ᠪᠣᠯᠣᠨ᠎ᠠ᠂ ᠬᠤᠨᠢ ᠡᠬᠢᠯᠡᠵᠦ ᠢᠳᠡᠰᠢ ᠢᠳᠡᠭᠰᠡᠨ ᠤ ᠳᠠᠷᠠᠭ᠎ᠠ ᠪᠢᠳᠡ ᠳᠠᠬᠢᠨ ᠠᠨ ᠸᠧᠢ ᠲᠠᠢ ᠪᠦᠦ ᠶᠢ ᠢᠳᠡᠰᠢᠨ ᠳᠤ ᠬᠤᠯᠢᠵᠤ ᠬᠡᠷᠡᠭᠯᠡᠨ᠎ᠡ᠂ ᠠᠨ ᠸᠧᠢ ᠲᠠᠢ ᠪᠦᠦ ᠶᠢᠨ ᠳᠣᠲᠣᠷ᠎ᠠ ᠬᠢᠲᠠᠳ ᠡᠮ ᠤᠨ  ᠵᠢᠶᠤᠤ ᠰᠠᠨ ᠰᠢᠶᠠᠨ᠂ ᠵᠦᠯᠭᠡᠨ ᠴᠢᠮᠡᠭ ᠪᠠ ᠬᠤ᠋ ᠵᠠᠩ ᠵᠢᠴᠢ ᠣᠯᠠᠨ ᠵᠦᠢᠯ ᠤᠨ ᠦᠬᠡᠷ ᠬᠤᠨᠢᠨ ᠤ ᠭᠦᠵᠡᠭᠡᠨ ᠳᠤ ᠲᠣᠬᠢᠷᠠᠬᠤ ᠠᠰᠢᠭᠲᠤ ᠪᠠᠺᠲ᠋ᠧᠷᠢ ᠶᠢ ᠠᠭᠤᠯᠵᠤ᠂ ᠬᠤᠳᠣᠭᠤᠳᠤ ᠶᠢ ᠴᠢᠭᠢᠷᠠᠭᠵᠢᠭᠤᠯᠵᠤ ᠬᠡᠪᠢᠬᠦ ᠶᠢ ᠠᠬᠢᠭᠤᠯᠬᠤ ᠦᠢᠯᠡᠳᠦᠯ ᠲᠠᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号