​ᠰᠢᠷ᠎ᠠ ᠪᠤᠷᠴᠠᠭ ᠤᠨ ᠰᠢᠨ᠎ᠡ ᠡᠭᠦᠯᠳᠡᠷ︱ᠮᠧᠩ ᠳ᠋ᠸᠦ 1137
ᠨᠡᠶᠢᠲᠡᠯᠡᠭᠰᠡᠨ ᠴᠠᠭ᠄
2023/9/10
      ︽ᠮᠧᠩ ᠳ᠋ᠸᠦ 1137︾  ᠨᠢ ᠪᠤᠰᠤᠳ ᠮᠤᠵᠢ ᠠᠴᠠ ᠣᠷᠣᠭᠤᠯᠤᠭᠰᠠᠨ ᠡᠭᠦᠯᠳᠡᠷ ᠤᠨ ᠰᠢᠷᠢᠰ ︽ᠶᠢᠨ ᠪᠧᠢ ᠠᠨ︾ ᠢᠶᠠᠷ ᠡᠴᠢᠭᠡ ᠦᠨᠳᠦᠰᠦ ᠪᠣᠯᠭᠠᠵᠤ᠂ ᠳᠡᠭᠡᠳᠦ ᠬᠡᠮᠵᠢᠶᠡᠨ ᠤ ᠨᠡᠶᠢᠯᠡᠮᠡᠯ ᠬᠦᠴᠦᠨ ᠤ ᠭᠤᠣᠯᠯᠠᠭᠴᠢ ᠡᠬᠡ ᠦᠨᠳᠦᠰᠦ ︽ᠮᠧᠩ ᠳ᠋ᠸᠦ 28︾ ᠪᠠᠷ ᠡᠬᠡ ᠦᠨᠳᠦᠰᠦ ᠪᠣᠯᠭᠠᠵᠤ᠂ ᠤᠯᠤᠰ ᠤᠨ ᠬᠢᠨᠠᠯᠲᠠ ᠶᠢᠨ ᠮᠥᠷᠲᠡᠭᠡᠨ ᠪᠦᠷᠢᠮᠦᠰᠦᠨ ᠦᠪᠡᠰᠦᠪᠡᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠡᠷᠲᠡ ᠪᠣᠯᠪᠠᠰᠤᠷᠠᠬᠤ ᠤᠭᠤᠷᠠᠭ ᠶᠡᠬᠡᠲᠡᠢ ᠰᠢᠷ᠎ᠠ ᠪᠤᠷᠴᠠᠭ ᠤᠨ ᠰᠢᠨ᠎ᠡ ᠡᠭᠦᠯᠳᠡᠷ ᠪᠠᠶᠢᠵᠤ᠂ ᠮᠠᠨ ᠤ ᠤᠯᠤᠰ ᠤᠨ ᠡᠷᠲᠡ ᠪᠣᠯᠪᠠᠰᠤᠷᠠᠬᠤ ᠰᠢᠷ᠎ᠠ ᠪᠤᠷᠴᠠᠭ ᠤᠨ ᠭᠤᠣᠯᠯᠠᠬᠤ ᠡᠭᠦᠯᠳᠡᠷ ᠤᠨ ᠭᠤᠣᠯ ᠦᠷ᠎ᠡ ᠶᠢᠨ ᠢᠷᠡᠯᠲᠡ ᠳᠤᠲᠠᠭᠳᠠᠵᠤ ᠪᠠᠶᠢᠭᠰᠠᠨ ᠪᠠᠶᠢᠳᠠᠯ ᠢ ᠰᠠᠶᠢᠵᠢᠷᠠᠭᠤᠯᠪᠠ᠃ 
图片1.png
       ᠲᠤᠰ ᠡᠭᠦᠯᠳᠡᠷ ᠨᠢ ᠭᠤᠷᠪᠠᠨ ᠣᠨᠴᠠᠯᠢᠭ ᠲᠠᠢ᠄      ᠨᠢᠭᠡ ᠳᠤ ᠥᠨᠳᠥᠷ ᠲᠣᠭᠲᠠᠭᠤᠨ ᠤᠨᠠᠯᠲᠠ ᠲᠠᠢ᠂ ᠮᠠᠨ ᠤ ᠤᠯᠤᠰ ᠤᠨ ᠤᠮᠠᠷᠠᠲᠤ ᠣᠷᠣᠨ ᠤ ᠬᠠᠪᠤᠷ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠭᠠᠵᠠᠷ ᠣᠷᠣᠨ ᠤ ᠠᠮᠢ ᠠᠬᠤᠢ ᠶᠢᠨ ᠲᠥᠷᠥᠯ ᠵᠦᠢᠯ ᠤᠨ ᠵᠥᠷᠢᠶ᠎ᠡ ᠶᠡᠭᠡ᠂ ᠡᠩ ᠤᠨ ᠰᠢᠷ᠎ᠠ ᠪᠤᠷᠴᠠᠭ ᠤᠨ ᠡᠭᠦᠯᠳᠡᠷ ᠨᠢ ᠭᠠᠵᠠᠷ ᠣᠷᠣᠨ ᠤ ᠵᠥᠷᠢᠶ᠎ᠡ ᠠᠴᠠ ᠪᠣᠯᠵᠤ ᠤᠨᠠᠯᠲᠠ ᠨᠢ ᠲᠣᠭᠲᠠᠭᠤᠨ ᠪᠤᠰᠤ ᠪᠠᠶᠢᠵᠤ᠂ ᠠᠳᠠᠯᠢ ᠨᠢᠭᠡᠨ ᠪᠤᠯᠪᠠᠰᠤᠷᠠᠬᠤ ᠬᠤᠭᠤᠴᠠᠭᠠᠨ ᠳᠠᠬᠢ ︽ᠮᠧᠩ ᠳ᠋ᠸᠦ 1137︾ ᠰᠢᠷ᠎ᠠ ᠪᠤᠷᠴᠠᠭ ᠳᠠᠷᠢᠬᠤ ᠣᠷᠣᠨ ᠤ ᠤᠨᠠᠯᠲᠠ  ᠨᠢ ᠲᠣᠭᠲᠠᠭᠤᠨ᠂ ᠶᠠᠰᠤ ᠴᠢᠨᠠᠷ ᠨᠢ ᠰᠢᠯᠢᠳᠡᠭ ᠰᠠᠶᠢᠨ᠂ ᠳᠠᠪᠠᠭᠤᠯᠢᠭ ᠨᠢ ᠢᠯᠡᠷᠬᠡᠢ ᠪᠠᠶᠢᠵᠤ᠂ ᠮᠠᠨ ᠤ ᠤᠯᠤᠰ ᠤᠨ ᠵᠡᠭᠦᠨ ᠬᠤᠶᠢᠲᠤ ᠣᠷᠣᠨ ᠳᠤ ᠲᠣᠬᠢᠷᠠᠬᠤ ᠪᠠᠷ ᠪᠠᠷᠠᠬᠤ ᠦᠭᠡᠢ ᠪᠠᠰᠠ ᠰᠢᠨᠵᠢᠶᠠᠩ ᠤᠨ ᠬᠤᠶᠢᠲᠤ ᠬᠡᠰᠡᠭ ᠤᠨ ᠭᠠᠵᠠᠷ ᠣᠷᠣᠨ ᠳᠤ ᠲᠣᠬᠢᠷᠠᠨ᠎ᠠ︔      ᠬᠤᠶᠠᠷ ᠲᠤ ᠡᠷᠲᠡ ᠪᠣᠯᠪᠠᠰᠤᠷᠠᠳᠠᠭ᠂ ᠮᠠᠨ ᠤ ᠤᠯᠤᠰ ᠤᠨ ᠤᠮᠠᠷᠠᠲᠤ ᠣᠷᠣᠨ ᠤ ᠬᠠᠪᠤᠷ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠣᠷᠣᠨ ᠨᠢ ᠭᠤᠣᠯᠳᠠᠭᠤ ᠬᠦᠢᠲᠡᠨ ᠰᠡᠷᠢᠭᠦᠨ ᠣᠷᠣᠨ ᠳᠤ ᠲᠠᠷᠬᠠᠵᠤ ᠪᠠᠶᠢᠳᠠᠭ᠂ ᠡᠨᠡ ᠲᠥᠷᠥᠯ ᠤᠨ ᠭᠠᠵᠠᠷ ᠣᠷᠣᠨ ᠳᠤ ᠰᠢᠷ᠎ᠠ ᠪᠤᠷᠴᠠᠭ ᠤᠨ ᠠᠵᠤ ᠠᠬᠤᠢ ᠶᠢᠨ ᠦᠷ᠎ᠡ ᠠᠰᠢᠭ ᠥᠨᠳᠥᠷ ᠪᠠᠶᠢᠳᠠᠭ ᠠᠴᠠ ᠭᠤᠤᠯ ᠲᠠᠷᠢᠮᠠᠯ ᠤᠨ ᠵᠦᠢᠯᠡᠰ ᠪᠤᠯᠳᠠᠭ︔      ᠭᠤᠷᠪᠠ ᠳᠤ ᠤᠯᠠᠨ ᠡᠰᠡᠷᠭᠦᠴᠡᠬᠦ ᠴᠢᠨᠠᠷ ᠲᠠᠢ᠂ ᠲᠡᠭᠦᠨ ᠤ ᠡᠰᠢ ᠨᠢ ᠪᠦᠳᠦᠭᠦᠨ᠂ ᠨᠠᠯᠠᠵᠤ ᠬᠠᠵᠠᠶᠢᠳᠠᠭ ᠦᠭᠡᠢ᠂ ᠮᠠᠰᠢᠨ ᠢᠶᠠᠷ ᠬᠤᠷᠢᠶᠠᠬᠤ ᠳᠤ ᠳᠡᠮᠡᠢ ᠬᠤᠬᠢᠷᠠᠵᠤ ᠰᠦᠢᠳᠳᠡᠭ ᠦᠭᠡᠢ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠰᠢᠷ᠎ᠠ ᠪᠤᠷᠴᠠᠭ ᠤᠨ ᠭᠤᠣᠯ ᠡᠪᠡᠳᠴᠢᠨ ᠤ ᠬᠤᠣᠷ ᠬᠥᠨᠥᠭᠡᠯ ᠪᠣᠯᠬᠤ ᠬᠢᠵᠢᠭ ᠤᠨ ᠦᠨᠳᠦᠰᠦᠨ ᠤ ᠢᠯᠵᠢᠷᠡᠬᠦ ᠡᠪᠡᠳᠴᠢᠨ ᠪᠠ ᠪᠣᠷᠣ ᠲᠣᠯᠪᠣᠲᠤ ᠡᠪᠡᠳᠴᠢᠨ ᠢ ᠡᠰᠡᠷᠭᠦᠴᠡᠬᠦ ᠴᠢᠨᠠᠷ ᠢᠶᠠᠷ ᠨᠡᠯᠢᠶᠡᠳ ᠴᠢᠩᠭ᠎ᠠ ᠪᠠᠶᠢᠳᠠᠭ᠃ 
图片2.png
       ᠦᠢᠯᠡᠳᠪᠦᠷᠢᠯᠡᠯ ᠤᠨ ᠲᠤᠷᠰᠢᠯᠲᠠ ᠶᠢᠨ ᠳᠤᠮᠳᠠ ︽ᠮᠧᠩ ᠳ᠋ᠸᠦ 1137︾ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 183.4 ᠺᠢᠯᠣᠭ᠍ᠷᠠᠮ ᠪᠠᠶᠢᠵᠤ᠂ ᠬᠠᠷᠢᠴᠠᠭᠤᠯᠤᠭᠰᠠᠨ ᠲᠥᠷᠥᠯ ᠵᠦᠢᠯ ᠤᠨ ᠤᠨᠠᠯᠲᠠ ᠠᠴᠠ 9.6% ᠨᠡᠮᠡᠭᠳᠡᠵᠦ᠂ 17.6 ᠺᠢᠯᠣᠭ᠍ᠷᠠᠮ ᠰᠢᠷ᠎ᠠ ᠪᠤᠷᠴᠠᠭ ᠨᠡᠮᠡᠭᠳᠡᠵᠦ᠂ ᠺᠢᠯᠣᠭ᠍ᠷᠠᠮ ᠪᠦᠷᠢ ᠳᠡᠭᠡᠨ 6 ᠲᠥᠭᠦᠷᠢᠭ ᠢᠶᠠᠷ ᠪᠤᠳᠤᠪᠠᠯ᠂ 105 ᠲᠥᠭᠦᠷᠢᠭ ᠣᠷᠴᠢᠮ ᠨᠡᠮᠡᠭᠳᠡᠬᠦ ᠪᠣᠯᠣᠨ᠎ᠠ᠃ 2023 ᠣᠨ ᠳᠤ᠂ ︽ᠮᠧᠩ ᠳ᠋ᠸᠦ 1137︾ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠡᠶᠢᠲᠡᠯᠡᠭᠰᠡᠨ ᠲᠠᠷᠢᠶᠠᠯᠠᠩ ᠤᠨ ᠭᠤᠣᠯᠯᠠᠬᠤ ᠡᠭᠦᠯᠳᠡᠷ ᠲᠤ ᠰᠣᠩᠭᠤᠭᠳᠠᠨ ᠣᠷᠣᠵᠤ᠂ ᠦᠷᠭᠡᠳᠬᠡᠨ ᠳᠠᠷᠢᠭᠰᠠᠨ ᠳᠠᠯᠠᠪᠠᠢ ᠨᠢ ᠨᠡᠶᠢᠲᠡ 600 ᠭᠠᠷᠤᠢ ᠲᠦᠮᠡᠨ ᠮᠦ ᠳᠤ ᠬᠦᠷᠴᠦ᠂ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠠᠰᠢᠭ ᠣᠷᠣᠯᠭ᠎ᠠ ᠶᠢ ᠪᠠᠷᠤᠭ 6.3 ᠳ᠋ᠦᠩᠰᠢᠭᠤᠷ ᠲᠥᠭᠦᠷᠢᠭ ᠨᠡᠮᠡᠭᠳᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号