ᠬᠥᠯᠥᠨ ᠪᠤᠶᠢᠷ ᠬᠤᠲᠠ ᠶᠢᠨ ᠣᠯᠠᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ︾ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/9/11
      ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ ᠠᠴᠠ 2023 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠵᠦ᠂ ᠬᠥᠯᠥᠨ ᠪᠤᠶᠢᠷ ᠬᠤᠲᠠ ᠶᠢᠨ ᠣᠯᠠᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃      ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ ᠣᠨᠴᠠ ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠭᠰᠡᠨ ᠂ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠳᠦᠭᠦᠯᠦᠭᠰᠡᠨ ᠂ ᠢᠯᠡᠷᠬᠡᠢ ᠣᠷᠣᠨ ᠪᠦᠰᠡ ᠶᠢᠨ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠴᠢᠨᠠᠷ ᠴᠢᠨᠰᠠᠭ᠎ᠠ ᠶᠢᠨ ᠣᠨᠴᠠᠯᠢᠭ ᠲᠠᠢ ᠂ ᠲᠣᠭᠲᠠᠪᠤᠷᠢᠲᠠᠢ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠂ ᠤᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠨᠡᠷ᠎ᠡ ᠠᠯᠳᠠᠷ ᠤᠨ ᠬᠡᠮᠵᠢᠶ᠎ᠡ ᠪᠠᠷ ᠥᠨᠳᠥᠷ ᠪᠥᠭᠡᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ ᠢᠶᠠᠷ ᠳᠠᠮᠵᠢᠭᠤᠯᠤᠨ ᠠᠯᠪᠠᠨ ᠵᠠᠷ ᠨᠡᠶᠢᠲᠡᠯᠡᠭᠦᠯᠦᠭᠰᠡᠨ ᠪᠠ ᠬᠢᠨᠠᠨ ᠬᠠᠷᠭᠤᠭᠤᠯᠤᠭᠠᠳ ᠦᠨᠡᠮᠯᠡᠯ ᠣᠯᠭᠤᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ ᠃ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠪᠣᠯ ᠰᠢᠶᠠᠨ ᠤ ᠱᠠᠲᠤᠨ ᠤ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠵᠤ ᠂ ᠣᠷᠣᠨ ᠬᠤᠳᠠ ᠶᠢᠨ ᠱᠠᠲᠤ ᠂ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠠᠵᠢᠯ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ ᠠᠴᠠ ᠵᠤᠬᠢᠶᠠᠨ ᠪᠠᠶᠢᠭᠤᠯᠤᠭᠰᠠᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠬᠢᠨᠠᠨ ᠰᠢᠯᠭᠠᠷᠠᠭᠤᠯᠤᠯᠲᠠ ᠪᠠᠷ ᠳᠠᠮᠵᠢᠭᠤᠯᠤᠨ ᠬᠠᠮᠤᠭ ᠡᠴᠦᠰ ᠤᠨ ᠨᠤᠲᠠᠯᠠᠯᠲᠠ ᠬᠢᠭᠰᠡᠨ ᠪᠦᠳᠦᠭᠡᠭᠳᠡᠬᠦᠨ ᠢ ᠵᠢᠭᠠᠵᠤ ᠪᠠᠶᠢᠨ᠎ᠠ ᠃
图片1.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号