ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠥᠪ
ᠨᠡᠶᠢᠲᠡᠯᠡᠭᠰᠡᠨ ᠴᠠᠭ᠄
2023/9/12
      ᠭᠤᠣᠯ ᠡᠭᠦᠷᠭᠡ ᠬᠠᠷᠢᠭᠤᠴᠠᠯᠭ᠎ᠠ᠄      ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ᠂ ᠬᠠᠤᠯᠢ ᠲᠣᠭᠲᠠᠭᠠᠯ ᠵᠡᠷᠭᠡ ᠶᠢ ᠲᠤᠭᠤᠷᠪᠢᠬᠤ ᠳᠤ ᠣᠷᠣᠯᠴᠠᠨ᠎ᠠ᠃      ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠢᠨᠠᠨ ᠰᠢᠯᠭᠠᠵᠤ ᠦᠨᠡᠯᠡᠬᠦ᠂ ᠮᠡᠳᠡᠭᠡ ᠵᠠᠩᠭᠢ ᠶᠢᠨ ᠦᠢᠯᠡᠴᠢᠯᠡᠭᠡ᠂ ᠤᠬᠠᠭᠤᠯᠭ᠎ᠠ ᠵᠢᠴᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ ᠪᠠ ᠲᠠᠷᠢᠶᠠᠯᠠᠬᠤ ᠰᠣᠶᠣᠯ᠂ ᠲᠠᠷᠢᠶᠠᠯᠠᠩ ᠤᠨ ᠥᠪ ᠬᠥᠷᠥᠩᠭᠡ ᠶᠢ ᠤᠯᠠᠮᠵᠢᠯᠠᠨ ᠬᠠᠮᠠᠭᠠᠯᠠᠬᠤ ᠠᠵᠢᠯ ᠢ ᠬᠠᠮᠵᠢᠨ ᠥᠷᠨᠢᠭᠦᠯᠦᠨ᠎ᠡ᠃      ᠲᠠᠪᠤ ᠳᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠵᠢᠷᠭᠤᠭ᠎ᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠭᠦᠢᠯᠭᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠷᠰᠢᠨ ᠰᠣᠯᠢᠯᠴᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃      ᠲᠤᠯᠤᠭ᠎ᠠ ᠳᠤ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠪᠰᠤᠷᠤᠨ ᠠᠬᠢᠭᠤᠯᠤᠨ᠎ᠠ᠃      ᠨᠠᠢᠮᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠢ ᠮᠦᠨ᠃      ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠰᠠᠯᠠᠭ᠎ᠠ᠂ ᠰᠠᠭᠤᠷᠢ ᠲᠦᠬᠦᠭᠡᠷᠦᠮᠵᠢ ᠶᠢᠨ ᠰᠠᠯᠠᠭ᠎ᠠ᠂ ᠨᠡᠶᠢᠭᠡᠮ ᠤᠨ ᠵᠠᠰᠠᠯᠲᠠ ᠶᠢᠨ ᠰᠤᠳᠤᠯᠭᠠᠨ ᠤ ᠰᠠᠯᠠᠭ᠎ᠠ᠂ ᠲᠣᠭᠲᠠᠮᠠᠯ ᠠᠵᠢᠭᠯᠠᠯᠲᠠ ᠶᠢᠨ ᠰᠠᠯᠠᠭ᠎ᠠ᠂ ᠲᠣᠭᠠᠴᠢᠯᠠᠭᠰᠠᠨ ᠬᠥᠳᠡᠭᠡ ᠲᠣᠰᠬᠤᠨ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠯᠠᠭ᠎ᠠ᠃      ᠬᠠᠷᠢᠭᠤᠴᠠᠯᠭᠠᠲᠠᠨ ᠄ ᠲᠦᠷ ᠲᠣᠭᠲᠠᠭᠠᠳᠤᠢ      ᠬᠠᠷᠢᠯᠴᠠᠬᠤ ᠤᠲᠠᠰᠤ᠄ 0471 — 6652328      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠠᠰᠠᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 12᠄ 00᠂ 14᠄ 30 ︱ 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号