ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ
ᠨᠡᠶᠢᠲᠡᠯᠡᠭᠰᠡᠨ ᠴᠠᠭ᠄
2023/9/12
      ᠭᠤᠣᠯ ᠡᠭᠦᠷᠭᠡ ᠴᠢᠳᠠᠪᠬᠢ᠄      ᠨᠢᠭᠡ ᠳᠤ ᠲᠠᠷᠢᠶᠠᠯᠠᠩ ᠤᠷᠭᠤᠮᠠᠯ ᠤᠨ ᠬᠢᠵᠢᠭ ᠪᠠᠶᠢᠴᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠲᠠᠷᠢᠶᠠᠯᠠᠩ ᠤᠷᠭᠤᠮᠠᠯ ᠤᠨ ᠬᠢᠵᠢᠭ ᠪᠠᠶᠢᠴᠠᠭᠠᠬᠤ ᠴᠢᠨᠠᠷᠲᠠᠢ ᠬᠦᠨᠦᠭᠡᠯᠲᠦ ᠠᠮᠢᠳᠤ ᠪᠣᠳᠠᠰ ᠤᠨ ᠨᠡᠶᠢᠳᠡᠮ  ᠪᠠᠶᠢᠴᠠᠭᠠᠯᠲᠠ᠂ ᠬᠢᠨᠠᠨ ᠬᠡᠮᠵᠢᠬᠦ᠂ ᠪᠢᠲᠡᠭᠦᠮᠵᠢᠯᠡᠨ ᠬᠢᠵᠠᠭᠠᠷᠯᠠᠬᠤ ᠵᠢᠴᠢ ᠠᠷᠢᠯᠭᠠᠬᠤ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠢ ᠥᠷᠨᠢᠭᠦᠯᠦᠨ᠎ᠡ᠃      ᠬᠤᠶᠠᠷ  ᠲᠤ ᠬᠢᠵᠢᠭ ᠤᠨ ᠪᠠᠶᠢᠴᠠᠭᠠᠯᠲᠠ ᠶᠢᠨ ᠬᠢᠨᠠᠨ ᠬᠠᠮᠢᠶᠠᠷᠤᠯᠲᠠ ᠵᠢᠴᠢ ᠣᠷᠣᠨ ᠤ ᠭᠠᠳᠠᠨ᠎ᠠ ᠠᠴᠠ ᠡᠭᠦᠯᠳᠡᠷ ᠣᠷᠣᠭᠤᠯᠬᠤ ᠬᠢᠵᠢᠭ ᠤᠨ ᠪᠠᠶᠢᠴᠠᠭᠠᠯᠲᠠ ᠶᠢᠨ ᠬᠢᠨᠠᠨ ᠵᠥᠪᠰᠢᠶᠡᠷᠡᠯ ᠤᠨ ᠬᠠᠪᠰᠤᠷᠤᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ᠃      ᠭᠤᠷᠪᠠ ᠳᠤ ᠲᠠᠷᠢᠮᠠᠯ ᠤᠨ ᠡᠪᠡᠳᠴᠢᠨ᠂ ᠬᠤᠷᠣᠬᠠᠢ᠂ ᠡᠪᠡᠰᠦ᠂ ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠵᠦ ᠪᠠᠶᠢᠴᠠᠭᠠᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠵᠡᠷᠭᠡ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ᠃      ᠳᠥᠷᠪᠡ ᠳᠤ ᠤᠷᠭᠤᠮᠠᠯ ᠤᠨ ᠬᠠᠮᠠᠭᠠᠯᠠᠯᠲᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠲᠤᠷᠰᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠲᠠᠷᠢᠶᠠᠨ ᠡᠮ ︵ᠪᠠᠭᠠᠵᠢ︶ ᠢ ᠠᠶᠤᠯᠭᠦᠢ ᠬᠡᠷᠡᠭᠯᠡᠬᠦ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ᠃      ᠲᠠᠪᠤ ᠳᠤ ᠲᠠᠷᠢᠶᠠᠨ ᠡᠮ ᠤᠨ ᠰᠢᠯᠭᠠᠨ ᠲᠣᠭᠲᠠᠭᠠᠯᠲᠠ ᠪᠠ ᠲᠠᠷᠢᠶᠠᠨ ᠡᠮ ᠤᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠢ ᠮᠦᠨ᠃      ᠳᠣᠲᠣᠭᠠᠳᠤ ᠪᠠᠶᠢᠭᠤᠯᠤᠮᠵᠢ ᠄ ᠶᠡᠷᠦᠩᠬᠡᠶᠢᠯᠡᠭᠰᠡᠨ ᠰᠠᠯᠠᠭ᠎ᠠ᠂ ᠤᠷᠭᠤᠮᠠᠯ ᠤᠨ ᠬᠢᠵᠢᠭ ᠪᠠᠶᠢᠴᠠᠭᠠᠬᠤ ᠰᠠᠯᠠᠭ᠎ᠠ᠂ ᠬᠡᠮᠵᠢᠨ ᠮᠡᠳᠡᠭᠦᠯᠬᠦ ᠰᠠᠯᠠᠭ᠎ᠠ᠂ ᠰᠡᠷᠭᠡᠶᠢᠯᠡᠨ ᠵᠠᠰᠠᠬᠤ ᠰᠠᠯᠠᠭ᠎ᠠ ᠂ ᠲᠠᠷᠢᠶᠠᠨ ᠡᠮ ᠪᠠᠭᠠᠵᠢ ᠬᠡᠷᠡᠭᠰᠡᠯ ᠤᠨ ᠰᠠᠯᠠᠭ᠎ᠠ᠂ ᠲᠠᠷᠢᠶᠠᠨ ᠡᠮ ᠢ ᠰᠢᠯᠭᠠᠨ ᠲᠣᠭᠲᠠᠭᠠᠬᠤ ᠰᠠᠯᠠᠭ᠎ᠠ᠃      ᠬᠠᠷᠢᠭᠤᠴᠠᠯᠭᠠᠲᠠᠨ᠄ ᠬᠤᠸᠠᠩ ᠵᠢᠶᠦ᠋ᠨ ᠰᠢᠶᠠ      ᠬᠠᠷᠢᠯᠴᠠᠬᠤ ᠤᠲᠠᠰᠤ᠄ 0471 — 3908343      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠠᠰᠠᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 12᠄ 00᠂ 14᠄ 30 ︱ 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号