ᠲᠦᠷᠦᠬᠦᠦ 7 ᠰᠠᠷ᠎ᠠ ᠳᠤ — ᠮᠠᠨ ᠤ ᠤᠷᠤᠨ 1100 ᠭᠠᠷᠤᠢ ᠲᠦᠮᠡᠨ ᠮᠦ ᠡᠪᠡᠰᠤ ᠲᠠᠷᠢᠪᠠ
ᠨᠡᠶᠢᠲᠡᠯᠡᠭᠰᠡᠨ ᠴᠠᠭ᠄
2023/9/12
      2023 ᠤᠨ ᠤ ᠪᠦᠬᠦ ᠤᠷᠤᠨ ᠤ ᠨᠤᠲᠤᠭ ᠪᠡᠯᠴᠢᠭᠡᠷ ᠤᠨ ᠠᠵᠢᠯ ᠤᠨ ᠶᠠᠷᠢᠯᠴᠠᠬᠤ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠪᠦᠬᠦ ᠤᠷᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠵᠢᠯ ᠲᠤᠭᠲᠠᠭᠤᠨ ᠢᠶᠠᠷ ᠠᠬᠢᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠤᠯᠵᠠᠢ᠃ 7 ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ ᠤ ᠤᠷᠤᠨ ᠨᠡᠶᠢᠲᠡ 1159.02 ᠲᠦᠮᠡᠨ ᠮᠦ ᠡᠪᠡᠰᠤ ᠲᠠᠷᠢᠵᠤ᠂ ᠲᠦᠯᠦᠪᠯᠡᠭᠰᠡᠨ ᠡᠭᠦᠷᠭᠡ ᠶᠢᠨ ᠢᠶᠠᠨ 89% ᠶᠢ ᠪᠡᠶᠡᠯᠡᠭᠦᠯᠪᠡ᠃      ᠨᠤᠲᠤᠭ ᠪᠡᠯᠴᠢᠭᠡᠷ ᠪᠤᠯ ᠮᠠᠨ ᠤ ᠤᠷᠤᠨ ᠤ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠡᠨᠡ ᠵᠢᠯ ᠠᠴᠠ ᠨᠠᠭᠠᠰᠢ ᠮᠠᠨ ᠤ ᠤᠷᠤᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠢ ᠵᠦᠢ ᠵᠤᠬᠢᠰᠲᠠᠢ ᠠᠰᠢᠭᠯᠠᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠬᠦᠨᠦᠭᠡᠯᠲᠤ ᠠᠮᠢᠳᠤ ᠪᠤᠳᠠᠰ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠤᠭᠲᠠᠪᠤᠷᠢᠲᠤ ᠴᠢᠨᠠᠷ᠂ ᠦᠷᠬᠦᠯᠵᠢᠯᠡᠬᠦ ᠴᠢᠨᠠᠷ ᠢ ᠲᠤᠭᠲᠠᠭᠤᠨ ᠢᠶᠠᠷ ᠳᠡᠭᠡᠭᠰᠢᠯᠡᠭᠦᠯᠪᠡ᠃ ᠤᠳᠤᠬᠠᠨ ᠳᠤ 241.8 ᠲᠦᠮᠡᠨ ᠮᠦ ᠶᠢᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠪᠠ 15.6 ᠲᠦᠮᠡᠨ ᠮᠦ ᠶᠢᠨ ᠡᠪᠡᠰᠤᠨ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠡᠭᠦᠷᠭᠡ ᠶᠢ ᠪᠡᠶᠡᠯᠡᠭᠦᠯᠵᠤ᠂ 4923.57 ᠲᠦᠮᠡᠨ ᠮᠦ ᠶᠢᠨ ᠨᠤᠲᠤᠭ ᠪᠡᠯᠴᠢᠭᠡᠷ ᠤᠨ ᠬᠦᠨᠦᠭᠡᠯᠳᠡᠢ ᠠᠮᠢᠳᠤ ᠪᠤᠳᠠᠰ ᠢ ᠰᠡᠷᠭᠡᠶᠢᠯᠡᠨ ᠵᠠᠰᠠᠵᠤ᠂ ᠨᠤᠲᠤᠭ ᠪᠡᠯᠴᠢᠭᠡᠷ ᠤᠨ ᠠᠮᠢᠳᠤ ᠪᠤᠳᠠᠰ ᠤᠨ ᠭᠠᠮᠰᠢᠭ ᠢ ᠦᠷᠭᠦᠯᠵᠢᠯᠡᠨ ᠰᠡᠷᠭᠡᠶᠢᠯᠡᠵᠦ ᠡᠵᠡᠮᠳᠡᠵᠤ ᠴᠢᠳᠠᠪᠠ᠃ ᠡᠭᠦᠨ ᠤ ᠬᠠᠮᠲᠤ᠂ ᠦᠨᠳᠦᠰᠦᠨ ᠨᠤᠲᠤᠭ ᠪᠡᠯᠴᠢᠭᠡᠷ ᠢ ᠰᠢᠯᠢᠳᠡᠭᠵᠢᠭᠦᠯᠤᠨ ᠲᠤᠬᠢᠷᠠᠭᠤᠯᠬᠤ ᠠᠵᠢᠯ ᠢ ᠪᠡᠶᠡᠯᠡᠭᠦᠯᠵᠤ᠂ ᠦᠨᠳᠦᠰᠦᠨ ᠨᠤᠲᠤᠭ ᠪᠡᠯᠴᠢᠭᠡᠷ ᠤᠨ ᠬᠡᠪᠴᠢᠶ᠎ᠡ ᠶᠢ ᠵᠠᠭᠠᠭᠯᠠᠨ ᠲᠤᠭᠲᠠᠭᠠᠭᠰᠠᠨ ᠪᠦᠭᠡᠳ ᠳ᠋ᠠᠶᠢᠲ᠋ᠠ ᠬᠦᠮᠦᠷᠭᠡ ᠪᠠᠶᠢᠭᠤᠯᠵᠠᠢ᠃      ᠤᠳᠤᠬᠠᠨ ᠳᠤ ᠠᠮᠢ ᠠᠬᠤᠢ ᠶᠢᠨ ᠡᠪᠡᠰᠤᠨ ᠤ ᠠᠵᠤ ᠦᠢᠯᠡᠰ ᠨᠢᠭᠡᠨᠲᠡ ᠪᠦᠬᠦ ᠤᠷᠤᠨ ᠤ 16 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠨᠢᠭᠡ ᠪᠤᠯᠵᠠᠢ᠃ ᠣᠶᠢᠯᠠᠭᠠᠭᠰᠠᠨ ᠢᠶᠠᠷ᠂ ᠡᠨᠡ ᠵᠢᠯ ᠮᠠᠨ ᠤ ᠤᠷᠤᠨ ᠤ ᠡᠪᠡᠰᠤ ᠪᠤᠷᠳᠤᠭᠠᠨ ᠤ ᠬᠠᠩᠭᠠᠯᠭ᠎ᠠ ᠶᠢᠨ ᠲᠦᠪᠰᠢᠨ 8000 ᠲᠦᠮᠡᠨ ᠲᠤᠨ ᠢ ᠳᠠᠪᠠᠭ᠋ᠤ ᠪᠤᠯᠤᠮᠵᠢ ᠲᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号