ᠰᠠᠨ ᠾᠧ ᠲᠤᠰᠬᠤᠨ ᠤ ᠲᠦᠮᠡᠨ ᠮᠦ ᠠᠯᠳᠡᠨ ᠰᠢᠷᠭᠠᠯ ᠲᠤᠲᠤᠷᠭ᠎ᠠ ᠶᠢᠨ ᠲᠠᠷᠢᠶ᠎ᠠ ᠨᠠᠮᠤᠷ ᠤᠨ ᠡᠯᠪᠡᠭ ᠬᠤᠷᠢᠶᠠᠯᠲᠠ ᠶᠢ ᠪᠡᠯᠭᠡᠳᠡᠨ᠎ᠡ
ᠨᠡᠶᠢᠲᠡᠯᠡᠭᠰᠡᠨ ᠴᠠᠭ᠄
2023/9/12
      ᠰᠤᠷᠪᠤᠯᠵᠢᠯᠠᠬᠴᠢ ᠣᠶᠢᠷ᠎ᠠ ᠳᠤ ᠬᠢᠩᠭᠠᠨ ᠠᠶᠢᠮᠠᠭ ᠤᠨ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠰᠠᠨ ᠾᠧ ᠲᠤᠰᠬᠤᠨ ᠳᠤ ᠬᠦᠷᠬᠦ ᠳᠤ᠂ ᠲᠦᠮᠡᠨ ᠮᠦ ᠠᠯᠳᠡᠨ ᠰᠢᠷᠭᠠᠯ ᠲᠤᠲᠤᠷᠭ᠎ᠠ ᠶᠢᠨ ᠲᠠᠷᠢᠶ᠎ᠠ ᠰᠠᠯᠬᠢᠨ ᠤ ᠠᠶ᠎ᠠ ᠪᠠᠷ ᠬᠠᠯᠢᠭᠤᠷᠠᠨ᠂ ᠦᠶ᠎ᠡ ᠦᠶ᠎ᠡ ᠰᠡᠩᠭᠢᠨᠡᠬᠦ ᠰᠡᠷᠢᠭᠦᠨ ᠰᠠᠯᠬᠢᠨ ᠳᠤ ᠲᠤᠲᠤᠷᠭ᠎ᠠ ᠶᠢᠨ ᠠᠩᠬᠢᠯᠤᠮ᠎ᠠ ᠦᠨᠦᠷ ᠬᠠᠩᠬᠤᠯᠤᠨᠠᠮ᠃
150.1.jpg
           ᠰᠠᠨ ᠾᠧ ᠲᠤᠰᠬᠤᠨ ᠨᠢ ᠪᠠᠶᠢᠭᠤᠯᠤᠭᠳᠠᠭᠠᠳ 86 ᠵᠢᠯ ᠤᠨ ᠲᠡᠦᠬᠡ ᠲᠠᠢ ᠪᠠᠶᠢᠵᠤ᠂ ᠰᠣᠯᠣᠩᠭᠤᠰ ᠦᠨᠳᠦᠰᠦᠲᠡᠨ᠂ ᠮᠣᠩᠭᠤᠯ ᠦᠨᠳᠦᠰᠦᠲᠡᠨ᠂ ᠬᠢᠲᠠᠳ ᠦᠨᠳᠦᠰᠦᠲᠡᠨ᠂ ᠳᠠᠭᠤᠷ ᠦᠨᠳᠦᠰᠦᠲᠡᠨ ᠡᠶ᠎ᠡ ᠨᠠᠶᠢᠷᠲᠠᠢ ᠣᠷᠣᠰᠢᠨ ᠠᠮᠢᠳᠤᠷᠠᠵᠤ᠂ ᠡᠭᠦᠨ ᠳᠤ ᠰᠣᠯᠣᠩᠭᠤᠰ ᠦᠨᠳᠦᠰᠦᠲᠡᠨ 62% ᠢ ᠡᠵᠡᠯᠡᠵᠦ᠂ ᠤᠰᠤᠨ ᠲᠤᠲᠤᠷᠭ᠎ᠠ ᠨᠢ ᠭᠤᠤᠯ ᠲᠠᠷᠢᠮᠠᠯ ᠤᠨ ᠨᠢᠭᠡᠨ ᠪᠤᠯᠵᠠᠢ᠃
150 (2).jpg
151  (1).png
      ᠰᠠᠨ ᠾᠧ ᠲᠤᠰᠬᠤᠨ ᠢᠶᠠᠷ ᠠᠮᠤᠭᠤᠯᠠᠩ ᠭᠤᠣᠯ᠂ ᠬᠦᠢᠯᠡᠷ ᠭᠤᠣᠯ᠂ ᠲᠤᠭᠤᠷ ᠤᠨ ᠭᠤᠣᠯ ᠤᠷᠤᠰᠤᠨ ᠥᠩᠭᠡᠷᠡᠵᠦ᠂ ᠤᠰᠤᠨ ᠤ ᠴᠢᠨᠠᠷ ᠰᠢᠯᠢᠳᠡᠭ ᠪᠠᠶᠢᠵᠤ᠂ ᠬᠥᠷᠥᠰᠥ ᠰᠢᠷᠣᠢ ᠥᠩ ᠰᠢᠮᠡᠯᠢᠭ᠂ ᠠᠭᠤᠷ ᠠᠮᠢᠰᠬᠤᠯ ᠳᠤᠯᠠᠭᠠᠨ ᠴᠢᠬᠢᠭᠯᠢᠭ᠂ ᠨᠠᠷᠠᠨ ᠤ ᠲᠤᠰᠤᠯᠲᠠ ᠭᠦᠢᠴᠡᠳ ᠪᠣᠯᠬᠤᠷ ᠤᠯᠤᠰ ᠤᠨ AAA ᠳᠡᠰ ᠤᠨ ᠪᠣᠬᠢᠷᠳᠤᠯ ᠦᠭᠡᠢ ᠤᠰᠤᠨ ᠲᠤᠲᠤᠷᠭ᠎ᠠ ᠳᠠᠷᠢᠵᠤ ᠤᠷᠭᠤᠭᠤᠯᠬᠤ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ 
150.4.jpg
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号