ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑬ — ᠲᠠᠶᠢᠹᠤᠰᠧ ᠬᠤᠰᠢᠭᠤᠨ ᠤ ᠲᠥᠮᠥᠰᠥ ᠶᠢᠨ ︽ᠥᠨᠳᠥᠷ ᠳᠠᠯᠠᠩ ᠢᠶᠠᠷ ᠳᠤᠰᠤᠯᠭᠠᠨ ᠤᠰᠤᠯᠠᠬᠤ︾ ᠤᠰᠤ  ᠪᠣᠷᠳᠣᠭᠤᠷ ᠢ ᠨᠠᠷᠢᠯᠢᠭ ᠣᠨᠤᠴᠠᠲᠠᠢ ᠲᠣᠬᠢᠷᠠᠭᠤᠯᠤᠨ ᠡᠵᠡᠮᠳᠡᠬᠦ ᠬᠡᠪ ᠵᠠᠭᠪᠤᠷ
ᠨᠡᠶᠢᠲᠡᠯᠡᠭᠰᠡᠨ ᠴᠠᠭ᠄
2023/9/13
      ᠲᠠᠶᠢᠹᠦᠰᠧ ᠬᠤᠰᠢᠭᠤ ᠪᠣᠯ ᠬᠠᠭᠠᠰ ᠭᠠᠩ ᠬᠠᠭᠤᠷᠠᠢ ᠨᠡᠶᠢᠲᠡᠯᠢᠭ ᠤᠰᠤ ᠳᠤᠲᠠᠭᠳᠠᠬᠤ ᠣᠷᠣᠨ ᠳᠤ ᠬᠠᠷᠢᠶᠠᠯᠠᠭᠳᠠᠵᠤ᠂ ᠤᠰᠤᠨ ᠤ ᠡᠬᠢ ᠪᠠᠶᠠᠯᠢᠭ ᠬᠠᠷᠢᠴᠠᠩᠭᠤᠢ ᠪᠠᠷ ᠳᠤᠲᠠᠮᠠᠭ ᠪᠠᠶᠢᠵᠤ᠂ ᠠᠷᠪᠠᠨ ᠵᠢᠯ ᠤᠨ ᠶᠢᠰᠦᠨ ᠵᠢᠯ  ᠨᠢ ᠭᠠᠩᠳᠠᠵᠤ᠂ ᠭᠠᠵᠠᠷ ᠳᠣᠣᠷᠠᠬᠢ ᠤᠰᠤᠨ ᠤ ᠲᠦᠪᠰᠢᠨ ᠨᠢᠭᠡᠨᠲᠡ ᠨᠡᠭᠡᠭᠡᠨ ᠮᠠᠯᠲᠠᠬᠤ ᠤᠯᠠᠭᠠᠨ ᠱᠤᠭᠤᠮ ᠳᠤ ᠣᠶᠢᠷᠠᠲᠤᠭᠰᠠᠨ ᠪᠠᠶᠢᠨ᠎ᠠ᠃ ᠠᠮᠤ ᠪᠤᠳᠠᠭ᠎ᠠ ᠶᠢ ᠨᠡᠮᠡᠭᠳᠡᠭᠦᠯᠬᠦ ᠪᠠ ᠤᠰᠤᠨ ᠤ ᠡᠬᠢ ᠪᠠᠶᠠᠯᠢᠭ ᠳᠤᠲᠠᠭᠳᠠᠬᠤ ᠵᠥᠷᠢᠴᠡᠯ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠥᠮᠥᠰᠥ ᠶᠢ ᠥᠨᠳᠥᠷ ᠳᠠᠯᠠᠩ ᠢᠶᠠᠷ ᠳᠠᠷᠢᠵᠤ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠵᠢᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠨᠢ ︽ᠤᠰᠤ ᠳᠤᠲᠠᠭᠳᠠᠬᠤ ᠪᠠ ᠠᠮᠤ ᠪᠤᠳᠠᠭ᠎ᠠ ᠶᠢ ᠨᠡᠮᠡᠭᠳᠡᠭᠦᠯᠬᠦ︾ ᠵᠥᠷᠢᠴᠡᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠵᠤ᠂ ᠪᠥᠬᠦ ᠬᠤᠰᠢᠭᠤᠨ ᠤ ᠳᠡᠯᠭᠡᠷᠡᠭᠦᠯᠦᠭᠰᠡᠨ ᠲᠠᠯᠠᠪᠠᠶ 40 ᠲᠦᠮᠡᠨ ᠮᠦ ᠳᠤ ᠬᠥᠷᠪᠡ᠃
图片1.png
      ᠭᠤᠣᠯ ᠠᠷᠭ᠎ᠠ ᠪᠠᠷᠢᠯ ᠄ ᠨᠢᠭᠡ ᠳᠤ ᠥᠨᠳᠥᠷ ᠳᠠᠯᠠᠩ ᠢᠶᠠᠷ ᠲᠠᠷᠢᠬᠤ ᠶᠢ  ᠰᠢᠯᠢᠳᠡᠭᠵᠢᠭᠦᠯᠪᠡ᠃ ᠳᠠᠯᠠᠩ ᠤᠨ ᠳᠣᠣᠷᠠᠬᠢ ᠥᠷᠭᠡᠨ ᠨᠢ 90 ᠰᠠᠨᠲ᠋ᠢᠮᠧᠲᠷ᠂ ᠳᠠᠯᠠᠩ ᠤᠨ ᠳᠡᠭᠡᠷᠡᠬᠢ ᠥᠷᠭᠡᠨ ᠨᠢ 35 ᠰᠠᠨᠲ᠋ᠢᠮᠧᠲᠷ᠂ ᠳᠠᠯᠠᠩ ᠤᠨ ᠥᠨᠳᠥᠷ ᠨᠢ 30 ᠰᠠᠨᠲ᠋ᠢᠮᠧᠲᠷ ᠪᠠᠶᠢᠳᠠᠭ ᠥᠨᠳᠥᠷ ᠳᠠᠯᠠᠩ ᠢᠶᠠᠷ ᠳᠠᠷᠢᠵᠤ ᠪᠣᠶᠢᠵᠢᠭᠤᠯᠬᠤ ᠮᠠᠰᠢᠨᠴᠢᠯᠠᠭᠰᠠᠨ ᠵᠠᠭᠪᠤᠷ ᠢ ᠭᠤᠣᠯᠳᠠᠯᠭ᠎ᠠ ᠲᠠᠢ ᠳᠡᠯᠭᠡᠷᠡᠭᠦᠯᠪᠡ ᠃ ᠲᠤᠰ ᠵᠠᠭᠪᠤᠷ ᠤᠨ ᠳᠠᠯᠠᠩ ᠤᠨ ᠬᠥᠷᠥᠰᠥ ᠰᠢᠷᠣᠢ ᠶᠢᠨ ᠪᠦᠲᠦᠴᠡ ᠰᠡᠶᠢᠷᠡᠭ ᠂ ᠪᠣᠷᠳᠣᠭᠤᠷ ᠬᠠᠩᠭᠠᠬᠤ ᠴᠢᠳᠠᠪᠤᠷᠢ ᠴᠢᠩᠭ᠎ᠠ ᠂ ᠦᠨᠳᠦᠰᠦ ᠶᠢᠨ ᠰᠢᠰᠲ᠋ᠧᠮ ᠤᠨ ᠪᠤᠶᠢᠵᠢᠯᠲᠠ ᠳᠤ ᠠᠰᠢᠭᠲᠠᠢ ᠂ ᠲᠥᠮᠥᠰᠥ ᠰᠠᠭᠤᠬᠤ ᠨᠤᠷᠮ᠎ᠠ ᠶᠢ ᠨᠡᠮᠡᠭᠳᠡᠭᠦᠯᠬᠦ ᠶᠢᠨ ᠬᠠᠮᠲᠤ ᠭᠡᠷᠡᠯ ᠰᠠᠯᠬᠢ ᠨᠡᠪᠲᠡᠷᠡᠭᠦᠯᠬᠦ ᠂ ᠴᠢᠬᠢᠭ ᠢ ᠬᠠᠮᠠᠭᠠᠯᠠᠨ ᠴᠢᠬᠢᠭ ᠢ ᠳᠡᠭᠡᠭᠰᠢᠯᠡᠭᠦᠯᠬᠦ ᠂ ᠭᠠᠩ ᠬᠠᠭᠰᠠᠷᠠᠭᠠᠨ ᠲᠠᠢ ᠲᠡᠮᠡᠴᠡᠵᠦ ᠤᠰᠤᠲᠤᠯ ᠢ ᠰᠡᠷᠭᠡᠶᠢᠯᠡᠬᠦ ᠂ ᠡᠷᠲᠡ ᠣᠷᠣᠢ ᠶᠢᠨ ᠬᠢᠵᠢᠭ ᠡᠪᠡᠳᠴᠢᠨ ᠢ ᠪᠠᠭᠠᠰᠬᠠᠬᠤ ᠵᠡᠷᠭᠡ ᠳᠠᠪᠠᠭᠤᠯᠢᠭ ᠲᠠᠯ᠎ᠠ ᠲᠠᠢ ᠃ ᠬᠤᠶᠠᠷ ᠲᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠲᠠᠢ  ᠤᠶᠠᠯᠳᠤᠭᠤᠯᠪᠠ᠃ ᠳᠤᠰᠤᠯᠭᠠᠨ ᠤᠰᠤᠯᠠᠬᠤ ᠪᠦᠰᠡ ᠶᠢ 2 ︱ 6cm ᠭᠦᠢᠬᠡᠨ ᠪᠤᠯᠠᠵᠤ᠂ ᠤᠰᠤᠯᠠᠬᠤ ᠳᠠᠭᠠᠨ ᠳᠤᠰᠤᠯᠭᠠᠨ ᠤᠰᠤᠯᠠᠬᠤ ᠬᠡᠯᠪᠡᠷᠢ ᠪᠠᠷ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠠᠷᠢᠯᠢᠭᠵᠢᠭᠤᠯᠬᠤ ᠬᠠᠮᠢᠶᠠᠷᠤᠯᠲᠠ ᠶᠢ ᠪᠡᠶᠡᠯᠡᠭᠦᠯᠪᠡ︔ ᠲᠥᠮᠥᠰᠥ ᠶᠢ ᠡᠭᠡᠯᠵᠢᠯᠡᠨ ᠳᠠᠷᠢᠵᠤ  ᠰᠤᠯᠢᠪᠴᠠᠭᠤᠯᠤᠨ ᠳᠠᠷᠢᠬᠤ ᠶᠢ ᠬᠡᠷᠡᠭᠵᠢᠭᠦᠯᠵᠦ᠂ ᠲᠠᠷᠢᠶᠠᠨ ᠠᠮᠤ ᠶᠢᠨ ᠲᠥᠷᠥᠯ᠂ ᠪᠤᠷᠴᠠᠭ ᠤᠨ ᠲᠥᠷᠥᠯ ᠵᠡᠷᠭᠡ ᠲᠠᠷᠢᠮᠠᠯ ᠲᠠᠢ ᠡᠭᠡᠯᠵᠢᠯᠡᠨ ᠳᠠᠷᠢᠵᠤ ᠰᠤᠯᠢᠪᠴᠠᠭᠤᠯᠤᠨ ᠳᠠᠷᠢᠵᠤ᠂ ᠡᠪᠡᠳᠴᠢᠨ ᠤ ᠬᠥᠨᠥᠭᠡᠯ ᠢ ᠬᠦᠩᠭᠡᠷᠡᠭᠦᠯᠪᠡ᠃ ᠭᠤᠷᠪᠠ ᠳᠤ ᠣᠯᠠᠨ ᠲᠠᠯ᠎ᠠ  ᠠᠴᠠ ᠤᠬᠠᠭᠤᠯᠪᠠ ᠃ ᠣᠯᠠᠨ ᠠᠷᠭ᠎ᠠ ᠵᠠᠮ ᠣᠯᠠᠨ ᠵᠦᠢᠯ ᠤᠨ ᠵᠠᠭᠪᠤᠷ ᠢᠶᠠᠷ ᠤᠬᠠᠭᠤᠯᠵᠤ ᠬᠥᠲᠥᠯᠥᠨ ᠵᠢᠯᠤᠭᠤᠳᠬᠤ ᠪᠠᠷ ᠳᠡᠮᠵᠢᠨ᠂ ᠳᠠᠷᠢᠬᠤ ᠡᠷᠦᠬᠡ ᠶᠢᠨ ᠭᠥᠯᠢᠶᠡᠨ ᠠᠪᠴᠤ ᠬᠡᠷᠡᠭᠯᠡᠬᠦ ᠶᠠᠪᠤᠴᠠ ᠶᠢ ᠠᠬᠢᠭᠤᠯᠵᠤ᠂ ᠳᠠᠷᠢᠬᠤ ᠲᠠᠯᠠᠪᠠᠶ ᠶᠢ 40 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ︽ᠭᠤᠷᠪᠠᠨ ᠶᠡᠭᠡ ᠦᠷ᠎ᠡ ᠠᠰᠢᠭ︾ ᠢ ᠲᠤᠶᠢᠯ ᠤᠨ ᠢᠯᠡᠷᠬᠡᠢ ᠪᠣᠯᠭᠠᠬᠤ ᠶᠢᠨ ᠬᠠᠮᠲᠤ᠂ ᠡᠷᠬᠢᠨ ᠲᠣᠭᠤᠷᠢᠨ ᠤ 7 ᠬᠤᠰᠢᠭᠤ ᠰᠢᠶᠠᠨ ᠢ ᠳᠠᠶᠢᠴᠢᠯᠠᠨ ᠲᠣᠰ ᠳᠠᠷᠢᠬᠤ ᠵᠠᠭᠪᠤᠷ ᠢ ᠬᠡᠷᠡᠭᠵᠢᠭᠦᠯᠪᠡ ᠃ ᠳᠥᠷᠪᠡ ᠳᠤ ᠢᠵᠢ ᠪᠦᠷᠢᠳᠦᠭᠦᠯᠬᠦ ᠵᠠᠭᠪᠤᠷ   ᠢ ᠲᠥᠪᠯᠡᠷᠡᠭᠦᠯᠦᠨ ᠬᠡᠷᠡᠭᠯᠡᠪᠡ ᠃ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨ᠎ᠡ ᠲᠥᠷᠥᠯ ᠵᠦᠢᠯ ᠢ ᠰᠢᠯᠢᠳᠡᠭᠵᠢᠭᠦᠯᠦᠨ ᠰᠣᠩᠭᠤᠵᠤ᠂ ᠵᠦᠢ ᠵᠣᠬᠢᠰᠲᠠᠢ ᠪᠠᠷ ᠡᠭᠡᠯᠵᠢᠯᠡᠨ ᠳᠠᠷᠢᠵᠤ ᠰᠤᠯᠢᠪᠴᠠᠭᠤᠯᠤᠨ ᠲᠠᠷᠢᠵᠦ ᠂ ᠡᠪᠡᠳᠴᠢᠨ ᠬᠤᠷᠣᠬᠠᠢ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠥᠨᠳᠥᠷ ᠳᠠᠯᠠᠩ ᠢᠶᠠᠷ ᠳᠠᠷᠢᠵᠤ ᠪᠣᠶᠢᠵᠢᠭᠤᠯᠬᠤ᠂ ᠪᠥᠬᠦ ᠶᠠᠪᠤᠴᠠ ᠳᠤ ᠮᠠᠰᠢᠨᠴᠢᠯᠠᠨ ᠦᠢᠯᠡᠳᠪᠦᠷᠢᠯᠡᠬᠦ ᠵᠡᠷᠭᠡ ᠪᠣᠬᠢᠷᠲᠤᠯ ᠦᠭᠡᠢ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠰᠣᠩᠭᠤᠵᠤ᠂ ᠲᠠᠯᠠᠪᠠᠶ ᠨᠢᠭᠡᠴᠢ ᠶᠢᠨ ᠤᠨᠠᠯᠲᠠ ᠪᠠ ᠦᠷ᠎ᠡ ᠠᠰᠢᠭ ᠢ ᠳᠡᠭᠡᠭᠰᠢᠯᠡᠭᠦᠯᠪᠡ᠃
图片2.png
      ᠲᠣᠰ ᠮᠡᠷᠭᠡᠵᠢᠯ ᠨᠢ ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠵᠢᠴᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠲᠣᠮᠣ ᠲᠥᠮᠥᠰᠥ ᠶᠢᠨ ᠨᠣᠷᠮ᠎ᠠ ᠶᠢ 20%  ᠠᠴᠠ ᠳᠡᠭᠡᠭᠰᠢ  ᠨᠡᠮᠡᠭᠳᠡᠭᠦᠯᠵᠦ᠂ ᠲᠠᠯᠠᠪᠠᠶ ᠨᠢᠭᠡᠴᠢ ᠶᠢᠨ ᠤᠨᠠᠯᠲᠠ ᠶᠢ 30%  ᠠᠴᠠ ᠳᠡᠭᠡᠭᠰᠢ ᠨᠡᠮᠡᠭᠳᠡᠭᠦᠯᠵᠦ᠂ ᠮᠦ ᠪᠦᠷᠢ ᠶᠢᠨ ᠳᠤᠮᠳᠠᠴᠢ ᠤᠨᠠᠯᠲᠠ ᠶᠢ 3500 ᠺᠢᠯᠣᠭ᠍ᠷᠠᠮ  ᠠᠴᠠ ᠳᠡᠭᠡᠭᠰᠢ ᠬᠦᠷᠭᠡᠵᠦ ᠪᠣᠯᠣᠨ᠎ᠠ᠃ ᠤᠯᠠᠮᠵᠢᠯᠠᠯᠲᠤ ᠲᠠᠷᠢᠮᠠᠯ ᠤᠨ ᠳᠤᠮᠳᠠᠬᠢ ᠶᠡᠭᠡ ᠤᠰᠤ ᠶᠡᠭᠡ ᠪᠣᠷᠳᠣᠭᠤᠷ ᠤᠨ ᠪᠦᠳᠦᠭᠦᠯᠢᠭ ᠬᠡᠯᠪᠡᠷᠢ ᠶᠢᠨ ᠤᠰᠤ ᠪᠣᠷᠳᠣᠭᠤᠷ ᠤᠨ ᠬᠠᠮᠢᠶᠠᠷᠤᠯᠲᠠ ᠶᠢᠨ ᠵᠠᠭᠪᠤᠷ ᠢ ᠬᠤᠪᠢᠷᠠᠭᠤᠯᠵᠤ ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠵᠤ ᠂ ᠤᠰᠤᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠪᠠ ᠃ ᠡᠭᠦᠨ ᠤ ᠵᠡᠷᠭᠡᠴᠡᠭᠡᠪᠡᠷ ᠂ ᠤᠰᠤ ᠶᠢ 30% ᠣᠷᠴᠢᠮ ᠠᠷᠪᠢᠯᠠᠬᠤ ᠂ ᠡᠮ ᠢ 5% ᠪᠠᠷ ᠪᠠᠭᠠᠰᠬᠠᠬᠤ ᠂ 10 — 15% ᠪᠠᠷ ᠮᠠᠷᠢᠶ᠎ᠠ ᠰᠢᠭᠤᠷᠠᠭᠤᠯᠬᠤ ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ 10% ᠠᠴᠠ ᠳᠡᠭᠡᠭᠰᠢ ᠳᠡᠭᠡᠭᠰᠢᠯᠡᠭᠦᠯᠬᠦ ᠂ ᠥᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ 10% ᠠᠴᠠ ᠳᠡᠭᠡᠭᠰᠢ ᠨᠡᠮᠡᠭᠳᠡᠭᠦᠯᠬᠦ ᠶᠢ  ᠪᠡᠶᠡᠯᠡᠭᠦᠯᠪᠡ᠃ ᠳᠠᠯᠠᠩ ᠪᠣᠰᠬᠠᠬᠤ᠂ ᠳᠠᠷᠢᠬᠤ᠂ ᠪᠣᠷᠳᠣᠭᠤᠷ ᠣᠷᠣᠭᠤᠯᠬᠤ᠂ ᠳᠡᠪᠢᠰᠬᠦ ᠬᠤᠭᠤᠯᠠᠢ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠤᠨ᠂ ᠬᠥᠳᠡᠯᠮᠦᠷᠢ ᠶᠢᠨ ᠬᠦᠴᠦ ᠶᠢ ᠠᠷᠪᠢᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠷᠬᠦᠭᠦᠯ ᠪᠦᠷᠬᠦᠭᠰᠡᠨ ᠤ ᠳᠠᠷᠠᠭ᠎ᠠ ᠳᠠᠯᠠᠩ ᠤᠨ ᠭᠠᠳᠠᠷᠭᠤ ᠳᠤ ᠪᠤᠵᠠᠷ ᠡᠪᠡᠰᠦ ᠦᠭᠡᠢ ᠪᠣᠯᠵᠤ᠂ ᠲᠠᠷᠢᠶᠠᠯᠠᠬᠤ ᠶᠢ ᠬᠤᠷᠢᠭᠯᠠᠬᠤ᠂ ᠡᠪᠡᠳᠴᠢᠨ ᠰᠡᠷᠭᠡᠶᠢᠯᠡᠬᠦ ᠵᠡᠷᠭᠡ ᠵᠠᠩᠭᠢᠯᠠᠭ᠎ᠠ ᠳᠤ ᠲᠥᠬᠦᠮ ᠪᠣᠯᠭᠠᠪᠠ᠃ ᠲᠣᠰ ᠵᠠᠭᠪᠤᠷ ᠢ ᠤᠯᠠᠭᠠᠨᠴᠠᠪ ᠬᠤᠲᠠ ᠵᠡᠷᠭᠡ ᠣᠶᠢᠷᠠᠯᠴᠠᠭ᠎ᠠ ᠨᠥᠬᠦᠴᠡᠯ ᠲᠠᠢ ᠭᠠᠵᠠᠷ ᠣᠷᠣᠨ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠳᠡᠯᠭᠡᠷᠡᠭᠦᠯᠵᠦ ᠪᠣᠯᠣᠨ᠎ᠠ᠃ 
图片3.png
     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号