ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ 4 ᠵᠦᠢᠯ ᠤᠨ ᠵᠠᠭᠪᠤᠷ ᠤᠨ ᠨᠢᠭᠡ᠄ ︽1+N︾ ᠵᠠᠬᠢᠶᠠᠯᠠᠭ᠎ᠠ ᠶᠢᠨ ᠬᠡᠯᠪᠡᠷᠢ
ᠨᠡᠶᠢᠲᠡᠯᠡᠭᠰᠡᠨ ᠴᠠᠭ᠄
2023/9/13
      ︽ 1+N ︾ ᠵᠠᠬᠢᠶᠠᠯᠠᠭ᠎ᠠ ᠶᠢᠨ ᠬᠡᠯᠪᠡᠷᠢ ᠤᠨ ᠦᠢᠯᠡᠴᠢᠯᠡᠭᠡᠨ ᠤ ᠵᠠᠭᠪᠤᠷ ᠭᠡᠳᠡᠭ ᠪᠣᠯ ᠵᠠᠰᠠᠭ ᠤᠨ ᠣᠷᠳᠣᠨ ᠠᠴᠠ ᠲᠠᠯᠠᠪᠤᠷ ᠭᠠᠵᠠᠷ ᠬᠠᠩᠭᠠᠬᠤ ᠂ ᠪᠡᠯᠡ ᠮᠥᠩᠭᠦ ᠪᠠᠷ ᠲᠡᠳᠬᠦᠨ ᠳᠡᠮᠵᠢᠬᠦ ᠪᠠᠷ ᠳᠠᠮᠵᠢᠭᠤᠯᠤᠨ ᠂ ᠠᠮᠢᠳᠠᠨ ᠤ ᠬᠢᠵᠢᠭ ᠢ ᠰᠡᠷᠭᠡᠶᠢᠯᠡᠬᠦ ᠡᠩᠨᠡᠭᠡ ᠶᠢ ᠴᠣᠮᠬᠠᠳᠬᠠᠵᠤ ᠂ ᠳᠠᠭᠠᠭᠤᠯᠤᠭᠴᠢ ᠶᠢᠨ ᠪᠠᠶᠢᠭᠤᠯᠤᠭᠰᠠᠨ ᠭᠡᠰᠢᠭᠦᠳ ᠤᠨ ᠥᠪᠡᠰᠦᠪᠡᠨ ᠬᠠᠮᠢᠶᠠᠷᠬᠤ ᠨᠢᠭᠡ ᠵᠦᠢᠯ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠪᠠᠷ ᠳᠠᠮᠵᠢᠭᠤᠯᠤᠨ ᠂ ᠠᠵᠢᠯᠲᠠᠨ  ᠢ ᠰᠠᠯᠭᠠᠬᠤ ᠂ ᠪᠡᠶ᠎ᠡ ᠪᠠᠨ ᠳᠠᠭᠠᠭᠠᠵᠤ ᠠᠵᠢᠯᠯᠠᠬᠤ ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠵᠢᠭᠠᠵᠤ ᠪᠠᠶᠢᠨ᠎ᠠ ᠃ ᠲᠤᠰ ᠬᠤᠷᠰᠢᠭᠰᠠᠨ ᠵᠣᠬᠢᠶᠠᠨ ᠪᠠᠶᠢᠭᠤᠯᠤᠯᠲᠠ ᠨᠢ ︽ 1 ︾ ᠲᠣᠭᠲᠠᠮᠠᠯ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠬᠠᠤᠯᠢ ᠶᠣᠰᠣᠨ ᠤ ︽ N ︾ ᠲᠦᠷᠦᠯ ᠤᠨ ᠵᠠᠬᠢᠶᠠᠯᠠᠭ᠎ᠠ ᠶᠢᠨ ᠬᠡᠯᠪᠡᠷᠢ ᠶᠢᠨ ᠲᠥᠯᠥᠪᠦᠷᠢᠲᠦ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ  ᠦᠪᠡᠷᠲᠡᠭᠡᠨ ᠥᠷᠨᠢᠭᠦᠯᠵᠦ ᠂ ᠡᠭᠦᠨ ᠤ ᠤᠯᠠᠮ ᠠᠴᠠ ᠦᠢᠯᠡᠳᠪᠦᠷᠢᠯᠡᠯ ᠤᠨ ᠬᠠᠮᠢᠶᠠᠷᠤᠯᠲᠠ ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠠᠰᠠᠭᠤᠳᠠᠯ ᠢ ᠰᠢᠢᠳᠪᠦᠷᠢᠯᠡᠵᠦ ᠂ ᠬᠠᠮᠲᠤ ᠶᠢᠨ ᠬᠥᠭᠵᠢᠯᠲᠡ ᠪᠠᠷ ᠬᠠᠷᠠᠯᠲᠠ ᠪᠣᠯᠭᠠᠬᠤ ᠶᠢ ᠪᠡᠶᠡᠯᠡᠭᠦᠯᠵᠦ ᠂ ᠣᠳᠣᠬᠠᠨ ᠳᠤ ᠬᠠᠮᠤᠭ ᠤᠨ ᠥᠷᠭᠡᠨ ᠳᠡᠯᠭᠡᠷ ᠬᠡᠷᠡᠭᠯᠡᠭᠳᠡᠵᠦ ᠪᠠᠶᠢᠭ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠪᠣᠯᠣᠨ᠎ᠠ ᠃
图片1.png
      ᠥᠷᠨᠢᠭᠦᠯᠦᠭᠰᠡᠨ ᠪᠠᠶᠢᠳᠠᠯ᠄ ᠤᠯᠠᠭᠠᠨᠬᠠᠳᠠ ᠬᠤᠲᠠ ᠵᠡᠷᠭᠡ 5 ᠠᠶᠢᠮᠠᠭ ᠬᠤᠲᠠ ᠨᠢ ︽1+N︾ ᠵᠠᠬᠢᠶᠠᠯᠠᠭ᠎ᠠ ᠶᠢᠨ ᠬᠡᠯᠪᠡᠷᠢ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ 6 ᠬᠤᠰᠢᠭᠤ ᠰᠢᠶᠠᠨ 65 ᠰᠤᠮᠤ ᠰᠢᠶᠠᠩ ᠪᠠᠯᠭᠠᠰᠤ ᠳᠤ ᠬᠤᠯᠪᠣᠭᠳᠠᠨ᠂1781.2 ᠲᠦᠮᠡᠨ ᠦᠬᠡᠷ ᠬᠤᠨᠢ ᠶᠢ ᠬᠠᠮᠤᠷᠪᠠ᠃ ᠣᠳᠣ ᠶᠢᠨ ᠪᠠᠶᠢᠭ᠎ᠠ ᠭᠠᠴᠠᠭ᠎ᠠ ᠲᠣᠰᠬᠤᠨ ᠤ ᠳᠡᠰ ᠤᠨ ᠬᠢᠵᠢᠭ ᠢ ᠰᠡᠷᠭᠡᠶᠢᠯᠡᠬᠦ ᠠᠵᠢᠯᠲᠠᠨ ᠢᠯᠡ ᠪᠠᠷ ᠥᠷᠢᠰᠦᠯᠳᠦᠨ ᠲᠣᠯᠣᠭᠠᠶᠢᠯᠠᠭᠴᠢ ᠶᠢ ᠤᠷᠢᠵᠤ ᠰᠢᠶᠠᠨ ᠤ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠬᠤᠷᠰᠢᠶᠠᠨ ᠤ ᠶᠡᠷᠦᠩᠬᠡᠢ ᠬᠤᠷᠰᠢᠶ᠎ᠠ ᠶᠢ ᠪᠠᠶᠢᠭᠤᠯᠵᠤ᠂ ᠰᠤᠮᠤ ᠰᠢᠶᠠᠩ ᠪᠠᠯᠭᠠᠰᠤᠨ ᠳᠤ ᠬᠤᠪᠢᠶᠠᠷᠢ ᠬᠤᠷᠰᠢᠶ᠎ᠠ ᠪᠠᠶᠢᠭᠤᠯᠵᠤ᠂ ᠭᠠᠴᠠᠭ᠎ᠠ ᠲᠣᠰᠬᠤᠨ ᠤ ᠳᠡᠰ ᠤᠨ ᠬᠢᠵᠢᠭ ᠰᠡᠷᠭᠡᠶᠢᠯᠡᠭᠴᠢ ᠬᠤᠶᠠᠷ ᠲᠠᠯ᠎ᠠ  ᠪᠠᠷ ᠢᠶᠠᠨ ᠰᠣᠩᠭᠤᠬᠤ᠂ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠵᠠᠷᠴᠢᠮ ᠶᠣᠰᠣᠭᠠᠷ ᠬᠤᠷᠰᠢᠶᠠᠨ ᠳᠤ ᠣᠷᠣᠵᠤ᠂ ᠨᠢᠭᠡᠳᠦᠯᠲᠡᠢ ᠬᠠᠮᠢᠶᠠᠷᠴᠤ ᠡᠯᠰᠡᠨ ᠬᠡᠷᠡᠭᠯᠡᠬᠦ᠂ ︽1+N︾ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬᠢᠶᠠᠯᠠᠭ᠎ᠠ ᠶᠢᠨ ᠬᠡᠯᠪᠡᠷᠢ ᠶᠢᠨ ᠵᠠᠭᠪᠤᠷ ᠢ ᠬᠡᠷᠡᠭᠵᠢᠭᠦᠯᠵᠦ᠂ ᠠᠮᠢᠲᠠᠨ ᠤ ᠡᠭᠡᠯᠢᠯᠡᠭᠡ ᠪᠠᠷ ᠭᠤᠣᠯ ᠱᠤᠭᠤᠮ ᠪᠣᠯᠭᠠᠵᠤ᠂ ᠠᠮᠢᠲᠠᠨ ᠤ ᠡᠷᠡᠭᠦᠯᠵᠢᠯ᠂ ᠣᠨᠣᠰᠢᠯᠠᠨ ᠡᠮᠨᠡᠬᠦ᠂ ᠰᠢᠮ᠎ᠡ ᠲᠡᠵᠢᠭᠡᠯ᠂ ᠪᠣᠯᠪᠠᠰᠤᠷᠠᠭᠤᠯᠤᠯ ᠵᠡᠷᠭᠡ ᠪᠠᠷ ᠨᠥᠬᠦᠪᠦᠷᠢ ᠪᠣᠯᠭᠠᠵᠤ᠂ ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠨ᠂ ᠡᠭᠡᠯᠢᠯᠡᠭᠡ ᠬᠢᠬᠦ ᠂ ᠠᠷᠢᠭᠤᠳᠬᠠᠬᠤ᠂ ᠡᠮᠨᠡᠨ ᠵᠠᠰᠠᠬᠤ᠂ ᠡᠮᠲᠦ ᠤᠬᠢᠶᠠᠯᠭ᠎ᠠ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠠᠯᠢ ᠣᠯᠠᠨ ᠲᠣᠪᠶᠤᠭ ᠮᠠᠶ᠋ᠢᠭ ᠤᠨ ᠮᠠᠯ ᠠᠵᠤ ᠠᠬᠤᠢ ᠶᠢᠨ ᠦᠢᠯᠡᠴᠢᠯᠡᠭᠡᠨ ᠢ ᠥᠷᠨᠢᠭᠦᠯᠵᠦ᠂ ᠵᠢᠯ ᠤᠨ ᠡᠴᠦᠰ ᠲᠤ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠬᠢᠵᠢᠭ ᠰᠡᠷᠭᠡᠶᠢᠯᠡᠬᠦ ᠬᠤᠷᠰᠢᠶ᠎ᠠ ᠶᠢᠨ ᠨᠥᠬᠦᠪᠦᠷᠢ ᠪᠡᠯᠡ ᠮᠥᠩᠭᠦ ᠶᠢ ᠰᠢᠭᠤᠳ ᠰᠠᠯᠭᠠᠨ ᠥᠭᠴᠦ᠂ ᠭᠡᠰᠢᠭᠦᠳ ᠲᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠯᠳᠠ ᠶᠢᠨ ᠴᠠᠯᠢᠩ ᠤᠯᠭᠤᠪᠠ ᠃ ᠡᠭᠦᠨ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠬᠤᠪᠢ ᠲᠣᠭᠲᠠᠭᠠᠬᠤ ᠪᠠᠷᠢᠮᠵᠢᠶ᠎ᠠ᠂ ᠬᠠᠮᠢᠶᠠᠷᠤᠯᠲᠠ ᠶᠢᠨ ᠳᠦᠷᠢᠮ᠂ ᠠᠵᠢᠯ ᠤᠨ ᠶᠠᠪᠤᠴᠠ᠂ ᠠᠵᠢᠯᠯᠠᠭᠠᠨ ᠤ ᠵᠢᠷᠤᠮᠵᠢᠯ ᠵᠢᠴᠢ ᠡᠳ᠋ ᠤᠨ ᠶᠠᠪᠤᠳᠠᠯ ᠤᠨ ᠳᠦᠷᠢᠮ ᠵᠡᠷᠭᠡ ᠶᠢ ᠲᠣᠭᠲᠠᠭᠠᠵᠤ᠂ 11 ᠰᠤᠮᠤ ᠰᠢᠶᠠᠩ ᠪᠠᠯᠭᠠᠰᠤᠨ ᠳᠤ ᠴᠥᠮ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠪᠡ᠃ ᠯᠢᠨ ᠾᠧ ᠲᠣᠭᠤᠷᠢᠭ ᠤᠨ ᠬᠢᠨ 200 ᠨᠡᠷᠡᠰ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢ 100 ᠨᠡᠷᠡᠰ ᠪᠣᠯᠭᠠᠨ ᠴᠣᠮᠬᠠᠳᠬᠠᠵᠤ᠂ ᠤᠷᠠᠳ ᠤᠨ ᠡᠮᠦᠨᠡᠲᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢ 190 ᠨᠡᠷᠡᠰ ᠪᠣᠯᠭᠠᠨ ᠴᠣᠮᠬᠠᠳᠬᠠᠵᠤ᠂ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠡᠭᠦᠨ ᠤ ᠬᠠᠮᠲᠤ᠂ ︽ᠰᠤᠮᠤ ᠰᠢᠶᠠᠩ ᠪᠠᠯᠭᠠᠰᠤ ᠶᠢᠨ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠨ ᠪᠠᠶᠢᠴᠠᠭᠠᠬᠤ ᠴᠡᠭ ︾ ᠭᠡᠰᠡᠨ ᠫᠠᠶᠢᠰᠠ ᠨᠡᠮᠡᠵᠦ ᠡᠯᠭᠦᠵᠦ᠂ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠤᠤᠯ ᠤᠨ ᠬᠢᠵᠢᠭ ᠰᠡᠷᠭᠡᠶᠢᠯᠡᠭᠴᠢ ᠳᠤ ᠲᠦᠰᠢᠭᠯᠡᠨ ᠰᠢᠶᠠᠩ ᠪᠠᠯᠭᠠᠰᠤ ᠨᠢᠭᠡᠪᠦᠷᠢ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠶᠢᠭᠤᠯᠵᠤ᠂ ᠦᠢᠯᠡᠴᠢᠯᠡᠭᠡᠨ ᠤ ᠠᠭᠤᠯᠭ᠎ᠠ ᠶᠢ ᠬᠡᠮᠵᠢᠶᠡᠵᠢᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠨᠡᠮᠡᠭᠳᠡᠭᠦᠯᠵᠦ᠂ ᠬᠢᠵᠢᠭ ᠰᠡᠷᠭᠡᠶᠢᠯᠡᠬᠦ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠮᠢᠲᠠᠨ ᠢ ᠣᠨᠣᠰᠢᠯᠠᠨ ᠡᠮᠨᠡᠬᠦ᠂ ᠮᠠᠯ ᠤᠨ ᠡᠮ ᠤᠨ ᠲᠡᠵᠢᠭᠡᠯ ᠪᠣᠷᠳᠤᠭ᠎ᠠ ᠶᠢ ᠪᠣᠷᠣᠯᠠᠭᠤᠯᠬᠤ᠂ ᠠᠮᠢᠲᠠᠨ ᠢ ᠰᠠᠶᠢᠵᠢᠷᠠᠭᠤᠯᠬᠤ᠂ ᠠᠮᠢᠲᠠᠨ ᠤ ᠸᠠᠺᠼᠢᠨ ᠢ ᠡᠵᠡᠩᠨᠡᠨ ᠪᠣᠷᠣᠯᠠᠭᠤᠯᠬᠤ ᠵᠡᠷᠭᠡ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠦᠷᠨᠢᠭᠦᠯᠪᠡ᠃ ᠭᠦᠶᠠᠩ ᠰᠢᠶᠠᠨ ᠤ 6 ᠰᠢᠶᠠᠩ ᠪᠠᠯᠭᠠᠰᠤ ᠪᠷᠦ᠋ᠼᠧᠯ ᠡᠪᠡᠳᠴᠢᠨ ᠢ ᠬᠢᠨᠠᠨ ᠬᠡᠮᠵᠢᠬᠦ᠂ ᠠᠷᠢᠭᠤᠳᠬᠠᠨ ᠠᠷᠢᠯᠭᠠᠬᠤ᠂ ᠬᠢᠵᠢᠭ ᠡᠪᠡᠳᠴᠢᠨ ᠳᠤ ᠡᠭᠡᠯᠢᠯᠡᠭᠡ ᠬᠢᠬᠦ᠂ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠬᠦ ᠪᠠᠷ ᠳᠡᠮᠵᠢᠨ ᠪᠥᠬᠦ ᠰᠢᠶᠠᠨ ᠢᠶᠠᠷ ᠢᠶᠠᠨ ᠲᠦᠯᠬᠢᠨ ᠠᠬᠢᠭᠤᠯᠵᠤ᠂ ᠲᠦᠮᠡᠳ ᠪᠠᠷᠠᠭᠤᠨ ᠬᠤᠰᠢᠭᠤᠨ ᠤ ᠬᠢᠨ 18 ᠰᠢᠶᠠᠩ ᠪᠠᠯᠭᠠᠰᠤᠨ ᠳᠤ ︽ᠥᠷᠲᠡᠭᠡᠨ ᠳᠠᠷᠤᠭ᠎ᠠ ᠬᠠᠷᠢᠭᠤᠴᠠᠬᠤ ᠳᠦᠷᠢᠮ︾ ᠤᠨ ᠬᠡᠯᠪᠡᠷᠢ ᠪᠠᠷ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠪᠡ᠃      ᠭᠤᠣᠯ ᠳᠠᠪᠠᠭᠤᠯᠢᠭ ᠄ ᠬᠤᠷᠰᠢᠶᠠᠨ ᠤ ᠵᠣᠬᠢᠶᠠᠨ ᠪᠠᠶᠢᠭᠤᠯᠤᠯᠲᠠ ᠪᠣᠯ ᠪᠡᠶ᠎ᠡ ᠪᠠᠨ ᠳᠠᠭᠠᠭᠠᠭᠰᠠᠨ ᠡᠵᠡᠩᠨᠡᠯᠲᠡ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠮᠥᠨ ᠂ ᠭᠡᠰᠢᠭᠦᠳ ᠬᠤᠪᠢ ᠣᠷᠣᠭᠤᠯᠤᠭᠴᠢ ᠶᠢᠨ ᠬᠤᠪᠢ ᠪᠠᠷ ᠵᠣᠬᠢᠶᠠᠨ ᠪᠠᠶᠢᠭᠤᠯᠤᠯᠲᠠ ᠳᠤ ᠣᠷᠣᠵᠤ ᠂ ︽ ᠵᠢᠩᠬᠢᠨᠢ ᠠᠵᠢᠯᠴᠢᠨ ︾ ᠪᠣᠯᠵᠤ ᠂ ᠨᠢᠭᠡᠳᠦᠯᠲᠡᠢ ᠬᠠᠮᠢᠶᠠᠷᠬᠤ᠂ ᠡᠵᠡᠨ ᠮᠡᠳᠡᠨ ᠡᠵᠡᠩᠨᠡᠬᠦ ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠶᠢ ᠬᠡᠷᠡᠭᠵᠢᠭᠦᠯᠦᠭᠡᠳ ᠂ ᠡᠯ᠎ᠡ ᠲᠠᠯ᠎ᠠ ᠶᠢᠨ ᠬᠢᠨ ᠤ ᠠᠵᠢᠯ ᠤᠨ ᠬᠠᠯᠠᠭᠤᠨ ᠰᠡᠳᠬᠢᠯᠭᠡ ᠪᠠ ᠢᠳᠡᠪᠬᠢᠵᠢᠯ ᠢ ᠭᠦᠢᠴᠡᠳ ᠲᠠᠶᠢᠴᠢᠯᠠᠵᠤ ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ ᠃ ᠡᠭᠦᠨ ᠤ ᠵᠡᠷᠭᠡ ᠳᠤ᠂ ᠠᠵᠢᠯᠲᠠᠨ  ᠢ ᠴᠥᠭᠡᠳᠬᠡᠨ ᠦᠷ᠎ᠡ ᠠᠰᠢᠭ  ᠢ ᠨᠡᠮᠡᠭᠳᠡᠭᠦᠯᠬᠦ ᠪᠠ ᠵᠠᠬᠢᠶᠠᠯᠠᠭ᠎ᠠ  ᠶᠢᠨ ᠮᠠᠶ᠋ᠢᠭ ᠤᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠬᠥᠳᠡᠯᠮᠦᠷᠢ  ᠶᠢᠨ ᠬᠥᠯᠥᠰᠦ ᠣᠯᠭᠤᠮᠵᠢ  ᠶᠢ ᠳᠡᠭᠡᠭᠰᠢᠯᠡᠭᠦᠯᠦᠭᠰᠡᠨ ᠪᠥᠭᠡᠳ ᠵᠢᠯ ᠳᠠᠷᠠᠭᠠᠯᠠᠨ ᠳᠡᠭᠡᠭᠰᠢᠯᠡᠭᠦᠯᠦᠭᠰᠡᠨ ᠤ ᠬᠠᠮᠲᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ᠂ ᠰᠠᠨᠠᠭᠠᠨ ᠳᠤ ᠦᠭᠡᠢ ᠳᠠᠭᠠᠳᠬᠠᠯ  ᠢ ᠲᠤᠰᠢᠶᠠᠬᠤ ᠪᠣᠯ ᠳᠡᠯᠭᠡᠷᠡᠭᠦᠯᠦᠭᠦᠰᠢᠲᠡᠢ ᠬᠡᠪ ᠵᠠᠭᠪᠤᠷ ᠮᠥᠨ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号