ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠪᠠᠶᠠᠨᠨᠠᠭᠤᠷ ᠬᠤᠲᠠ ᠶᠢᠨ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/14
      9 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ 14 ᠠᠵᠢᠯ ᠤᠨ ᠵᠣᠯᠭᠠᠭᠤᠯᠬᠤ ᠳᠤᠭᠤᠶᠢᠯᠠᠩ ᠲᠣᠮᠢᠯᠠᠨ ︽ᠭᠡᠷ ᠲᠤᠨᠢ ᠬᠦᠷᠴᠦ ᠦᠢᠯᠡᠴᠢᠯᠡᠬᠦ︾ ᠠᠵᠢᠯ ᠬᠢᠯᠭᠡᠵᠦ᠂ ᠪᠠᠶᠠᠨᠨᠠᠭᠤᠷ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠭᠦᠯᠦᠨ᠂ ︽ᠲᠣᠨ ᠠᠮᠤ ᠪᠤᠳᠠᠭᠠᠨ ᠤ ᠰᠢᠶᠠᠨ︾ ᠢ ᠡᠭᠦᠳᠦᠨ ᠪᠠᠶᠢᠭᠤᠯᠬᠤ᠂ ︽ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ︾᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠤᠰᠤ ᠠᠷᠪᠢᠯᠠᠬᠤ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠪᠠ ᠤᠯᠤᠰ ᠤᠨ ᠲᠠᠷᠢᠶᠠᠯᠠᠩ ᠤᠨ ᠥᠨᠳᠥᠷ ᠪᠠᠷᠢᠮᠵᠢᠶᠠᠲᠤ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠵᠣᠯᠭᠠᠭᠤᠯᠬᠤ ᠪᠠᠷ ᠤᠬᠠᠭᠠᠯᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
1.jpg
       ᠬᠤᠷᠠᠯ ᠳᠡᠭᠡᠷ᠎ᠡ ᠂ ᠡᠯ᠎ᠡ ᠠᠵᠢᠯᠯᠠᠬᠤ ᠳᠤᠭᠤᠶᠢᠯᠠᠩ ᠤᠨ ᠬᠢᠨ ᠪᠠᠶᠠᠨᠨᠠᠭᠤᠷ ᠬᠤᠳᠠ ᠶᠢᠨ ᠳᠤᠷᠠᠳᠤᠭᠰᠠᠨ 16 ᠵᠦᠢᠯ ᠤᠨ ᠳᠡᠮᠵᠢᠬᠦ ᠤᠴᠢᠷ ᠶᠠᠪᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ 2024 ᠣᠨ ᠤ ᠠᠵᠢᠯ ᠤᠨ ᠰᠠᠨᠠᠭᠤᠯᠭ᠎ᠠ ᠳᠤᠷᠠᠳᠴᠠᠢ ᠃ ᠬᠤᠷᠠᠯ ᠠᠴᠠ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠨᠡ ᠤᠳᠠᠭ᠎ᠠ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠂ ᠪᠠᠶᠠᠨᠨᠠᠭᠤᠷ ᠬᠤᠳᠠ ᠲᠠᠢ ᠵᠤᠯᠭᠠᠭᠤᠯᠵᠦ ᠪᠠᠶᠢᠭ᠎ᠠ ᠨᠢ  ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠠᠭᠠᠨ ᠠᠰᠠᠭᠤᠳᠠᠯ ᠢ ᠢᠯᠡᠷᠡᠭᠦᠯᠵᠦ ᠂ ᠰᠠᠶᠢᠨ ᠲᠦᠷᠦᠯ ᠵᠦᠢᠯ ᠂ ᠰᠠᠶᠢᠨ ᠨᠡᠶᠢᠲᠡᠯᠢᠭ ᠵᠢᠱᠢᠶ᠎ᠡ ᠶᠢ ᠢᠯᠡᠷᠡᠭᠦᠯᠵᠦ ᠂ ᠠᠰᠠᠭᠤᠳᠠᠯ ᠳᠤ ᠰᠢᠭᠤᠳ ᠬᠠᠨᠳᠤᠵᠤ ᠂ ᠠᠰᠠᠭᠤᠳᠠᠯ ᠢ ᠰᠢᠢᠳᠪᠦᠷᠢᠯᠡᠵᠦ ᠂ 2023 ᠣᠨ ᠤ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠳ᠋ᠦᠩᠨᠡᠬᠦ ᠪᠠᠷ ᠪᠠᠷᠠᠬᠤ ᠦᠭᠡᠢ ᠪᠠᠰᠠ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠲᠥᠯᠥᠪᠵᠢᠭᠦᠯᠬᠦ ᠶᠢᠨ ᠲᠥᠯᠥᠭᠡ ᠶᠤᠮ ᠃ ᠲᠠᠷᠠᠭᠠᠴᠢ ᠶᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠡᠯ᠎ᠡ ᠠᠶᠢᠮᠠᠭ ᠬᠤᠲᠠ  ᠯᠤᠭ᠎ᠠ ᠪᠦᠬᠦᠨ ᠲᠠᠢ ᠨᠢ ᠵᠣᠯᠭᠠᠭᠤᠯᠵᠤ᠂ ᠡᠯ᠎ᠡ ᠭᠠᠵᠠᠷ ᠤᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠥᠪᠳᠡᠯᠴᠡᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠭᠤᠣᠯᠳᠠᠯᠭ᠎ᠠ ᠲᠠᠢ ᠠᠵᠢᠯ ᠢ ᠲᠣᠳᠤᠷᠬᠠᠶᠢᠯᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠂ ᠡᠯ᠎ᠡ ᠱᠠᠲᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠳᠡᠭᠡᠳᠦ ᠳᠣᠣᠷᠠᠳᠤ ᠱᠠᠲᠤ ᠪᠠᠷ ᠢᠶᠠᠨ ᠨᠢᠭᠲᠠᠷᠠᠨ ᠪᠦᠯᠬᠦᠮᠳᠡᠵᠦ ᠂ ᠦᠢᠯᠡᠴᠢᠯᠡᠭᠡᠨ ᠤ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠵᠤ ᠂ 2024 ᠣᠨ ᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠣᠨᠣᠪᠴᠢᠲᠠᠶ ᠡᠷᠢᠨ ᠣᠯᠵᠤ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠢᠢᠳᠪᠦᠷᠢᠯᠡᠬᠦ ᠪᠠ ᠳᠡᠮᠵᠢᠬᠦ ᠴᠢᠬᠤᠯᠠᠲᠠᠢ ᠵᠦᠢᠯᠡᠰ ᠢ ᠳᠤᠷᠠᠳᠬᠤ ᠬᠡᠷᠡᠭᠲᠡᠢ ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠢᠯ᠂ ᠬᠢᠯᠠᠰ ᠴᠡᠭᠲᠦ ᠠᠵᠢᠯ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠴᠢᠨᠠᠷᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠡᠮᠵᠢᠬᠦ ᠴᠢᠬᠤᠯᠠᠲᠠᠢ ᠵᠦᠢᠯᠡᠰ ᠲᠤ ᠴᠢᠭᠯᠡᠭᠦᠯᠦᠨ᠂ ᠭᠦᠨᠵᠡᠭᠡᠢ ᠰᠤᠳᠤᠯᠵᠤ᠂ ᠦᠨᠡᠨᠬᠦ ᠶᠠᠪᠤᠭᠳᠠᠭᠤᠰᠢᠲᠠᠢ ᠳᠡᠮᠵᠢᠬᠦ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ︽ᠵᠢᠷᠭᠤᠭᠠᠨ ᠨᠢᠭᠡ︾ ᠶᠢᠨ ᠠᠵᠢᠯ ᠢ ᠠᠬᠢᠭᠤᠯᠬᠤ ᠲᠣᠭᠲᠠᠴᠠ ᠶᠢ ᠰᠠᠶᠢᠲᠤᠷ ᠬᠡᠷᠡᠭᠯᠡᠬᠦ ᠬᠡᠷᠡᠭᠲᠡᠢ᠃ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠰᠡᠳᠬᠢᠬᠦᠢ ᠪᠠᠷ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠦᠷᠭᠡᠬᠡᠨ ᠲᠥᠯᠥᠪᠵᠢᠭᠦᠯᠵᠦ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠰᠢᠭᠤᠯᠵᠤ᠂ ᠶᠠᠭᠤ ᠬᠢᠬᠦ᠂ ᠬᠠᠮᠢᠭ᠎ᠠ ᠬᠢᠬᠦ᠂ ᠬᠡᠨ ᠬᠢᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠢᠩᠬᠢᠮ ᠤᠨ ᠡᠯ᠎ᠡ ᠭᠠᠵᠠᠷ ᠠᠯᠪᠠᠨ ᠭᠡᠷ ᠲᠣᠪᠴᠢᠶ᠎ᠠ ᠨᠢ ᠠᠶᠢᠮᠠᠭ ᠬᠤᠲᠠ ᠯᠤᠭ᠎ᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠶᠢᠮᠠᠭ ᠬᠤᠲᠠ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠬᠦ ᠪᠠ ᠨᠠᠷᠢᠯᠢᠭ ᠣᠨᠣᠴᠠᠲᠠᠢ ᠪᠠᠷ ᠵᠢᠯᠤᠭᠤᠳᠴᠤ᠂ ᠨᠢᠭᠡ ᠪᠦᠯᠦᠭ ᠬᠢᠯᠠᠰ ᠴᠡᠭᠲᠦ ᠢᠨᠵᠧᠨᠧᠷᠢᠩ ᠢ ᠪᠠᠶᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
2.jpg
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号