9 ᠰᠠᠷ᠎ᠠ ᠶᠢᠨ 12 ᠤᠨ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠠᠨᠰᠤ ᠮᠤᠵᠢ ᠶᠢᠨ | ᠯᠠᠨᠵᠧᠦ ᠬᠤᠲᠠ ᠶᠢᠨ ᠢᠦ᠋ᠵᠦ᠋ᠩ ᠰᠢᠶᠠᠨ ᠳᠤ ᠬᠤᠷᠠᠯᠳᠤᠭᠤᠯᠤᠭᠰᠠᠨ ᠪᠥᠬᠦ ᠤᠯᠤᠰ ᠤᠨ ᠲᠠᠷᠢᠶᠠᠯᠠᠩ ᠳᠤ ᠬᠡᠷᠡᠭᠯᠡᠬᠦ | ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠳᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠥᠪᠥᠷ ᠮᠣᠩᠭᠤᠯ ᠢ ᠲᠥᠯᠥᠭᠡᠯᠡᠨ | ᠨᠡᠶᠢᠲᠡᠯᠢᠭ ᠵᠢᠱᠢᠶ᠎ᠡ ᠶᠢᠨ ᠶᠠᠷᠢᠶ᠎ᠠ ᠲᠠᠯᠪᠢᠪᠠ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠵᠠᠩ ᠵᠧᠨ ᠬᠤᠸᠠ ᠥᠪᠥᠷ ᠮᠣᠩᠭᠤᠯ ᠤᠨ ᠲᠠᠷᠢᠶᠠᠯᠠᠩ ᠤᠨ | ᠪᠦᠷᠬᠦᠪᠴᠢ ᠶᠢ ᠰᠡᠷᠭᠡᠶᠢᠯᠡᠨ ᠵᠠᠰᠠᠬᠤ ᠠᠵᠢᠯ ᠢ ᠭᠦᠢᠴᠡᠳ ᠨᠤᠲᠠᠯᠠᠵᠤ ᠳᠡᠭᠡᠳᠦ ᠬᠡᠮᠵᠢᠶ᠎ᠡ ᠪᠠᠷ ᠦᠨᠡᠯᠡᠪᠡ᠃ ᠬᠤᠷᠠᠯ | ᠲᠡᠭᠦᠰᠦᠭᠰᠡᠨ ᠤ ᠳᠠᠷᠠᠭ᠎ᠠ᠂ 9 ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠦ᠋ ᠵᠥᠩ ᠶᠠᠨ ᠠᠴᠠ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ | ᠬᠤᠲᠠ ᠵᠡᠷᠭᠡ 4 ᠭᠠᠵᠠᠷ ᠤᠨ ᠰᠦᠯᠢᠶᠥᠦ ᠪᠦᠷᠬᠦᠪᠴᠢ ᠶᠢᠨ ᠬᠡᠷᠡᠭᠯᠡᠭᠡᠨ ᠤ ᠬᠡᠮᠵᠢᠶ᠎ᠡ ᠪᠠᠷ ᠨᠡᠯᠢᠶᠡᠳ ᠶᠡᠭᠡ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠬᠤᠰᠢᠭᠤ ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠢᠦ᠋ᠵᠦ᠋ᠩ | ᠰᠢᠶᠠᠨ ᠳᠤ ᠬᠦᠷᠴᠦ ᠲᠠᠷᠢᠶᠠᠯᠠᠩ ᠤᠨ ᠪᠦᠷᠬᠦᠪᠴᠢ ᠶᠢᠨ ᠪᠣᠬᠢᠷᠲᠤᠯ ᠢ ᠵᠠᠰᠠᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠭᠠᠵᠠᠷ᠂ ᠠᠮᠢ ᠠᠬᠤᠢ ᠬᠢᠭᠡᠳ ᠡᠬᠢ | ᠪᠠᠶᠠᠯᠢᠭ ᠤᠨ ᠬᠠᠮᠠᠭᠠᠯᠠᠯᠲᠠ ᠶᠢᠨ ᠲᠥᠪ ᠤᠨ ᠭᠤᠣᠯ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠠᠵᠢᠯᠲᠠᠳ | ᠲᠣᠰ ᠤᠳᠠᠭᠠᠨ ᠤ ᠰᠤᠷᠤᠯᠴᠠᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠠᠢ᠃ | | | | | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠂ ᠤᠯᠠᠨ ᠢᠶᠠᠷ ᠢᠶᠠᠨ ᠬᠤᠷᠢᠶᠠᠨ ᠠᠪᠬᠤ ᠲᠣᠣᠷ ᠴᠡᠭ ᠂ ᠲᠠᠷᠢᠶᠠᠨ | ᠭᠠᠵᠠᠷ ᠂ ᠦᠢᠯᠡᠳᠪᠦᠷᠢᠯᠡᠯ ᠤᠨ ᠬᠤᠷᠢᠶᠠᠨ ᠠᠪᠬᠤ ᠠᠵᠤ ᠠᠬᠤᠶᠢᠯᠠᠯ ᠳᠤ ᠭᠦᠨᠵᠡᠭᠡᠶᠢᠷᠡᠨ ᠭᠠᠨᠰᠤ ᠮᠤᠵᠢ ᠶᠢᠨ ᠡᠯ᠎ᠡ | ᠲᠠᠯ᠎ᠠ ᠶᠢᠨ ᠨᠡᠶᠢᠲᠡᠯᠢᠭ ᠲᠤᠷᠰᠢᠯᠭ᠎ᠠ ᠬᠢᠳᠡᠯ ᠢ ᠪᠣᠳᠠᠲᠠᠢ ᠭᠠᠵᠠᠷ ᠲᠤᠨᠢ ᠰᠤᠷᠤᠯᠴᠠᠪᠠ ᠃ ᠭᠠᠨᠰᠤ ᠮᠤᠵᠢ ᠶᠢᠨ | ᠲᠠᠷᠢᠶᠠᠯᠠᠩ ᠤᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠮᠡᠷᠭᠡᠵᠢᠯ ᠳᠡᠯᠭᠡᠷᠡᠭᠦᠯᠬᠦ ᠶᠡᠷᠦᠩᠬᠡᠢ | ᠥᠷᠲᠡᠭᠡᠨ ᠤ ᠰᠠᠯᠠᠭᠠᠨ ᠳᠠᠷᠤᠭ᠎ᠠ ᠵᠧᠦ ᠲᠤᠤ ᠭᠠᠨᠰᠤ ᠮᠤᠵᠢ ᠶᠢᠨ ᠰᠦᠯᠢᠶᠥᠦ ᠪᠦᠷᠬᠦᠪᠴᠢ ᠶᠢ ᠰᠢᠨᠵᠢᠯᠡᠬᠦ | ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠥᠷᠨᠢᠭᠦᠯᠬᠦ᠂ | ᠲᠠᠷᠢᠶᠠᠯᠠᠩ ᠤᠨ ᠪᠦᠷᠬᠦᠪᠴᠢ ᠶᠢ ᠡᠭᠡᠭᠦᠯᠦᠨ ᠬᠤᠷᠢᠶᠠᠬᠤ ᠲᠣᠣᠷ ᠴᠡᠭ ᠢ ᠪᠦᠲᠦᠭᠡᠨ ᠪᠠᠶᠢᠭᠤᠯᠵᠤ ᠡᠵᠡᠩᠨᠡᠬᠦ ᠵᠡᠷᠭᠡ | ᠲᠠᠯ᠎ᠠ ᠪᠠᠷ ᠨᠠᠷᠢᠨ ᠲᠠᠨᠢᠯᠴᠠᠭᠤᠯᠵᠠᠢ ᠂ ᠲᠤᠬᠠᠢ ᠶᠢᠨ ᠲᠠᠯᠠᠪᠤᠷ ᠲᠤ ᠰᠦᠯᠢᠶᠥᠦ ᠪᠦᠷᠬᠦᠪᠴᠢ ᠶᠢ ᠡᠭᠡᠭᠦᠯᠦᠨ | ᠬᠤᠷᠢᠶᠠᠬᠤ ᠮᠠᠰᠢᠨ ᠪᠠᠭᠠᠵᠢ ᠵᠢᠴᠢ ᠠᠵᠢᠯᠯᠠᠭᠠᠨ ᠤ ᠦᠵᠡᠭᠦᠯᠭᠡ ᠶᠢ ᠲᠣᠭᠤᠷᠢᠨ ᠦᠵᠡᠵᠦ ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠠᠷᠠᠭᠤᠨ ᠬᠤᠶᠢᠲᠤ ᠶᠢᠨ ᠰᠤᠳᠤᠯᠭᠠᠨ ᠤ ᠲᠥᠪ ︱ ᠭᠠᠨᠰᠤ | ᠮᠤᠵᠢ ᠶᠢᠨ ᠶᠢᠨ ᠲᠤ ᠳ᠋ᠢ ᠰᠦᠯᠢᠶᠥᠦ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠰᠦᠯᠢᠶᠥᠦ ᠪᠦᠷᠬᠦᠪᠴᠢ ᠶᠢᠨ | ᠦᠢᠯᠡᠳᠪᠦᠷᠢᠯᠡᠯ᠂ ᠡᠭᠡᠭᠦᠯᠦᠨ ᠬᠤᠷᠢᠶᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠶᠢᠨ ᠲᠤ ᠳ᠋ᠢ ᠰᠦᠯᠢᠶᠥᠦ ᠪᠦᠲᠦᠭᠡᠭᠳᠡᠬᠦᠨ ᠤ ᠬᠢᠵᠠᠭᠠᠷᠲᠤ | ᠺᠣᠮᠫᠠᠨᠢ ᠶᠢᠨ ᠭᠤᠣᠯ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ ᠂ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ | ᠲᠤᠰᠬᠠᠢ ᠬᠡᠷᠡᠭᠯᠡᠭᠡᠨ ᠤ ᠰᠦᠯᠢᠶᠥᠦ ᠪᠦᠷᠬᠦᠪᠴᠢ ᠶᠢ ᠰᠤᠳᠤᠯᠤᠨ ᠨᠡᠭᠡᠭᠡᠬᠦ ᠂ ᠦᠢᠯᠡᠳᠪᠦᠷᠢᠯᠡᠭᠰᠡᠨ ᠦᠷ᠎ᠡ ᠪᠦᠲᠦᠭᠡᠯ | ᠵᠢᠴᠢ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠂ ᠲᠠᠬᠢᠨ ᠠᠰᠢᠭᠯᠠᠬᠤ ᠲᠠᠯ᠎ᠠ ᠪᠠᠷ | ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠳᠬᠠᠬᠤ ᠵᠡᠷᠭᠡ ᠠᠷᠭ᠎ᠠ ᠬᠢᠳᠡᠯ ᠪᠣᠯᠣᠨ ᠲᠤᠷᠰᠢᠯᠭ᠎ᠠ ᠶᠢ ᠨᠠᠷᠢᠨ | ᠣᠶᠢᠯᠠᠭᠠᠵᠤ ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠥᠷᠭᠡᠨ ᠢᠶᠠᠷ ᠠᠰᠠᠭᠤᠨ ᠯᠠᠪᠯᠠᠵᠤ | ᠰᠣᠯᠢᠯᠴᠠᠪᠠ ᠃ | | | | | ᠶᠠᠷᠢᠯᠴᠠᠬᠤ ᠬᠤᠷᠠᠯ ᠳᠡᠭᠡᠷ᠎ᠡ ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ | ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠣᠳᠣᠬᠠᠨ ᠤ ᠰᠦᠯᠢᠶᠥᠦ | ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ 2023 ᠣᠨ ᠤ | ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ | ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠰᠠᠶᠢᠨ | ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠳᠠᠵᠤ ᠂ ᠡᠯ᠎ᠡ ᠭᠠᠵᠠᠷ ᠤᠨ ᠠᠰᠠᠭᠤᠳᠠᠯ ᠢ ᠨᠠᠷᠢᠨ ᠬᠢᠨᠠᠮᠠᠭᠠᠢ | ᠡᠮᠬᠢᠯᠡᠵᠦ ᠂ ᠶᠡᠭᠡ ᠠᠮᠢ ᠠᠬᠤᠢ ᠶᠢᠨ ᠦᠵᠡᠯᠲᠡ ᠂ ᠶᠡᠭᠡ ᠢᠳᠡᠭᠡᠨ ᠤ ᠦᠵᠡᠯᠲᠡ ᠪᠠᠷ ᠬᠥᠲᠥᠯᠥᠨ ᠳᠠᠭᠠᠭᠤᠯᠵᠤ ᠂ | ᠰᠢᠨ᠎ᠡ ᠶᠢ ᠡᠭᠦᠳᠬᠦ ᠦᠢᠯᠡᠳᠦᠯᠭᠡ ᠶᠢ ᠨᠠᠷᠢᠨ ᠬᠢᠨᠠᠮᠠᠭᠠᠢ ᠪᠣᠳᠣᠯᠬᠢᠯᠠᠵᠤ ᠂ ᠰᠢᠨ᠎ᠡ ᠮᠡᠷᠭᠡᠵᠢᠯ ᠰᠢᠨ᠎ᠡ ᠰᠡᠳᠬᠢᠴᠡ ᠶᠢᠨ | ᠲᠤᠷᠰᠢᠯᠲᠠ ᠶᠢᠨ ᠰᠤᠳᠤᠯᠭᠠᠨ ᠢ ᠢᠳᠡᠪᠬᠢᠲᠡᠢ ᠠᠬᠢᠭᠤᠯᠵᠤ ᠂ ᠶᠠᠭ ᠲᠦᠯᠬᠢᠨ ᠠᠬᠢᠭᠤᠯᠤᠨ ᠨᠡᠶᠢᠲᠡᠯᠡᠵᠦ ᠪᠠᠶᠢᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ᠲᠠᠢ ᠵᠣᠯᠭᠠᠭᠤᠯᠵᠤ ᠂ ︽ ᠴᠠᠭᠠᠨ ᠪᠣᠬᠢᠷᠲᠤᠯ ︾ ᠢ ᠪᠦᠲᠦᠮᠵᠢᠲᠡᠢ | ᠵᠠᠰᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠠᠵᠢᠯᠯᠠᠭ᠎ᠠ ᠨᠢ ᠭᠠᠨᠰᠤ ᠮᠤᠵᠢ ᠶᠢᠨ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠭᠠᠨᠰᠤ ᠮᠤᠵᠢ ᠶᠢᠨ ᠶᠢᠨ ᠲᠤ ᠳ᠋ᠢ | ᠰᠦᠯᠢᠶᠥᠦ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠬᠦᠴᠦᠲᠡᠢ ᠳᠡᠮᠵᠢᠯᠭᠡ ᠶᠢ ᠣᠯᠵᠠᠢ᠃ ᠲᠤᠰ ᠤᠳᠠᠭᠠᠨ ᠤ | ᠰᠢᠨᠵᠢᠯᠡᠨ ᠪᠠᠶᠢᠴᠠᠭᠠᠵᠤ ᠰᠤᠷᠤᠯᠴᠠᠯᠭ᠎ᠠ ᠨᠢ ᠲᠡᠷᠢᠭᠦᠨ ᠤ ᠠᠷᠭ᠎ᠠ ᠬᠢᠳᠡᠯ ᠲᠤᠷᠰᠢᠯᠭ᠎ᠠ ᠶᠢ ᠰᠤᠷᠤᠯᠴᠠᠵᠤ ᠂ ᠠᠵᠢᠯ ᠤᠨ | ᠰᠡᠳᠬᠢᠴᠡ ᠪᠠᠨ ᠥᠷᠭᠡᠳᠬᠡᠭᠰᠡᠨ ᠢᠶᠠᠷ ᠪᠠᠷᠠᠬᠤ ᠦᠭᠡᠢ ᠂ ᠬᠤᠶᠠᠷ ᠭᠠᠵᠠᠷ ᠲᠤ ᠰᠠᠶᠢᠨ ᠰᠠᠶᠢᠬᠠᠨ ᠨᠡᠪᠲᠡᠷᠡᠯᠴᠡᠬᠦ | ᠬᠥᠭᠦᠷᠭᠡ ᠪᠠᠶᠢᠭᠤᠯᠵᠤ ᠂ ᠮᠠᠨ ᠤ ᠣᠷᠣᠨ ᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ | ᠠᠬᠢᠭᠤᠯᠬᠤ ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠡᠭᠡᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠂ | ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠣᠯᠢᠯᠠᠬᠤ ᠠᠴᠢ | ᠬᠤᠯᠪᠣᠭᠳᠠᠯ ᠲᠠᠢ ᠶᠤᠮ ᠃ | |