ᠦᠬᠠᠢ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/9/14
      ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ 2023 ᠣᠨ ᠤ 9 ᠰᠠᠷ᠎ᠠ ᠶᠢᠨ 12 ︱ 16  ᠤ ᠡᠳᠦᠷ ᠪᠣᠯᠲᠠᠯ᠎ᠠ ᠪᠠᠶᠠᠨᠨᠠᠭᠤᠷ ᠬᠤᠳᠠ ᠶᠢᠨ ᠤᠯᠤᠰ ᠤᠨ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠣᠭᠤᠷᠢᠭ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠂ ᠦᠵᠡᠰᠭᠦᠯᠡᠩ ᠨᠢ 5 ᠡᠳᠦᠷ ᠶᠠᠪᠤᠭᠳᠠᠵᠤ ᠂ ᠦᠬᠠᠢ ᠬᠤᠳᠠ ᠶᠢᠨ ᠬᠠᠨᠰᠸᠠ ᠂ ᠶᠦᠨ ᠹᠧᠢ ᠵᠡᠷᠭᠡ 8 ᠠᠵᠤ ᠠᠬᠤᠶᠢᠯᠠᠯ ᠦᠬᠠᠢ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠠᠪᠴᠤ ᠲᠤᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ ᠃
11.png
       ᠲᠣᠰ ᠤᠳᠠᠭᠠᠨ ᠤ ᠦᠵᠡᠰᠬᠦᠯᠡᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ · ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ︾ ᠭᠡᠬᠦ  ᠪᠠᠷ ᠭᠤᠣᠯ ᠰᠡᠳᠦᠪ ᠪᠣᠯᠭᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠱᠢᠶ᠎ᠡ ᠦᠵᠡᠭᠦᠯᠬᠦ᠂ ᠬᠠᠮᠲᠤᠷᠠᠯᠴᠠᠭᠠᠨ ᠤ ᠲᠠᠪᠴᠠᠩ ᠢ ᠳᠡᠯᠭᠡᠷᠡᠭᠦᠯᠦᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ ᠬᠠᠮᠳᠤ ᠳᠤ  ᠨᠢ ᠪᠠᠰᠠ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠤᠨ ᠶᠠᠷᠢᠯᠴᠠᠬᠤ ᠰᠣᠯᠢᠯᠴᠠᠭ᠎ᠠ᠂ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠵᠥᠪᠳᠡᠯᠴᠡᠭᠡ᠂ ᠲᠤᠬᠠᠢ ᠶᠢᠨ ᠭᠠᠵᠠᠷ ᠤᠨ ᠰᠢᠨᠵᠢᠯᠡᠨ ᠪᠠᠶᠢᠴᠠᠭᠠᠯᠲᠠ ᠂ ᠠᠮᠲᠠᠲᠤ ᠢᠳᠡᠭᠡᠨ ᠤ ᠰᠣᠶᠣᠯ ᠤᠨ ᠨᠠᠶᠢᠷ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠡᠯᠭᠡᠨ ᠨᠡᠪᠲᠡᠷᠡᠭᠦᠯᠬᠦ ᠵᠡᠷᠭᠡ ᠰᠢᠷᠢᠰ ᠠᠵᠢᠯᠯᠠᠭ᠎ᠠ ᠦᠷᠨᠢᠭᠦᠯᠬᠦ ᠪᠣᠯᠣᠨ᠎ᠠ᠃
22.png
       ᠦᠵᠡᠭᠦᠯᠭᠡ ᠶᠢᠨ ᠲᠤᠬᠠᠢ ᠶᠢᠨ ᠲᠠᠯᠠᠪᠤᠷ ᠲᠤ᠂ ᠦᠬᠠᠢ ᠬᠤᠳᠠ ᠶᠢᠨ ᠦᠵᠡᠭᠦᠯᠭᠡ ᠶᠢᠨ ᠲᠣᠭᠤᠷᠢᠭ ᠲᠤ ᠦᠵᠦᠮ ᠂ ᠦᠵᠦᠮ ᠤᠨ ᠠᠷᠢᠬᠢ ᠶᠢ ᠠᠮᠲᠠᠯᠠᠬᠤ ᠪᠠᠷ ᠢᠷᠡᠭᠰᠡᠨ ᠵᠣᠴᠢᠳ ᠲᠠᠰᠤᠷᠠᠯᠳᠡ ᠦᠭᠡᠢ ᠣᠯᠠᠰᠢᠷᠠᠵᠤ ᠂ ︽ᠦᠬᠠᠢ ᠶᠢᠨ ᠦᠵᠦᠮ ︾  ᠨᠢ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ ᠤ ᠰᠠᠶᠢᠨ ᠦᠨᠡᠯᠡᠯᠲᠡ ᠶᠢ ᠣᠯᠵᠠᠢ ᠃ ᠡᠨᠡ ᠬᠦ ᠲᠠᠪᠴᠠᠩ ᠢᠶᠠᠷ ᠦᠬᠠᠢ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠲᠤᠰᠬᠠᠢ ᠮᠡᠷᠭᠡᠵᠢᠯ ᠤᠨ ᠲᠠᠨᠢᠯᠴᠠᠭᠤᠯᠭ᠎ᠠ ᠪᠠᠷ ᠳᠡᠮᠵᠢᠨ᠂ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠳᠠᠬᠢ ᠬᠠᠮᠤᠭ ᠤᠨ ᠰᠢᠨ᠎ᠡ ᠬᠥᠭᠵᠢᠯᠲᠡ ᠶᠢᠨ ᠴᠢᠭᠯᠡᠯ ᠢ ᠰᠤᠷᠤᠯᠴᠠᠭᠰᠠᠨ ᠪᠠᠶᠢᠨ᠎ᠠ᠃
33.png
       ᠢᠷᠡᠭᠡᠳᠦᠢ ᠳᠤ᠂ ᠦᠬᠠᠢ ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠲᠠᠷᠢᠶᠠᠯᠠᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠬᠦᠯᠬᠦ ᠪᠣᠯᠤᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号