ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ 4 ᠵᠦᠢᠯ ᠤᠨ ᠵᠠᠭᠪᠤᠷ ᠤᠨ ᠬᠤᠶᠠᠷ᠄ ︽ᠺᠣᠮᠫᠠᠨᠢ + ᠲᠠᠷᠢᠶᠠᠴᠢᠨ ᠡᠷᠦᠬᠡ︾ ᠶᠢᠨ ᠪᠣᠭᠤᠳᠠᠯᠯᠠᠬᠤ ᠬᠡᠯ᠊
ᠨᠡᠶᠢᠲᠡᠯᠡᠭᠰᠡᠨ ᠴᠠᠭ᠄
2023/9/14
      ︽ᠺᠣᠮᠫᠠᠨᠢ ᠶᠢᠨ ᠬᠦᠯᠢᠶᠡᠨ ᠠᠪᠬᠤ︾ ᠵᠠᠭᠪᠤᠷ ᠨᠢ ᠭᠤᠣᠯᠳᠠᠭᠤ ᠤᠯᠤᠰ ᠤᠨ ᠳᠣᠲᠣᠭᠠᠳᠤ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠲᠥᠯᠥᠭᠡᠯᠡᠭᠴᠢ ᠪᠣᠯᠭᠠᠵᠤ᠂ ᠲᠤᠰᠬᠠᠢ ᠮᠡᠷᠭᠡᠵᠢᠯ ᠤᠨ ᠮᠠᠯ ᠡᠮᠨᠡᠯᠭᠡ ᠶᠢᠨ ᠦᠢᠯᠡᠴᠢᠯᠡᠭᠡᠨ ᠤ ᠺᠣᠮᠫᠠᠨᠢ ᠪᠤᠶᠤ ᠬᠥᠳᠡᠯᠮᠦᠷᠢ ᠦᠢᠯᠡᠴᠢᠯᠡᠭᠡ ᠲᠣᠮᠢᠯᠠᠬᠤ ᠺᠣᠮᠫᠠᠨᠢ ᠶᠢ ᠵᠣᠬᠢᠶᠠᠨ ᠪᠠᠶᠢᠭᠤᠯᠵᠤ᠂ ᠡᠭᠡᠯᠢᠯᠡᠭᠡ ᠬᠢᠬᠦ ᠂ ᠪᠠᠶᠢᠴᠠᠭᠠᠨ ᠰᠢᠯᠭᠠᠬᠤ᠂ ᠬᠢᠵᠢᠭ ᠡᠪᠡᠳᠴᠢᠨ ᠢ ᠣᠨᠣᠰᠢᠯᠠᠨ ᠡᠮᠨᠡᠬᠦ ᠵᠡᠷᠭᠡ ᠪᠣᠭᠤᠳᠠᠯᠯᠠᠬᠤ ᠮᠠᠶ᠋ᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠡᠭᠦᠨ ᠳᠤ ᠤᠬᠠᠭᠤᠯᠭ᠎ᠠ ᠪᠤᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠂ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠭᠡᠬᠦ ᠂ ᠴᠠᠷᠤᠯᠲᠠ ᠶᠢᠨ ᠲᠡᠮᠳᠡᠭ ᠵᠡᠭᠦᠯᠭᠡᠬᠦ ᠂ ᠴᠠᠷᠤᠯᠲᠠ ᠶᠢᠨ ᠳᠠᠩᠰᠠ ᠡᠪᠬᠡᠮᠡᠯ ᠪᠠᠶᠢᠭᠤᠯᠬᠤ ᠂ ᠠᠮᠢᠲᠠᠨ ᠤ ᠬᠢᠵᠢᠭ ᠤᠨ ᠪᠠᠶᠢᠳᠠᠯ ᠢ ᠲᠣᠭᠤᠷᠢᠨ ᠪᠠᠶᠢᠴᠠᠭᠠᠵᠤ ᠮᠡᠳᠡᠭᠦᠯᠬᠦ ᠂ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠶᠢ ᠪᠦᠷᠢᠳᠬᠡᠨ ᠳᠡᠭᠡᠭᠰᠢ ᠮᠡᠳᠡᠭᠦᠯᠬᠦ ᠂ ᠬᠢᠨᠠᠨ ᠬᠡᠮᠵᠢᠬᠦ ᠦᠯᠢᠭᠡᠷ ᠡᠳ᠋ ᠴᠤᠭᠯᠠᠭᠤᠯᠬᠤ ᠂ ᠡᠰᠡᠷᠭᠦᠴᠡᠭᠴᠢ ᠶᠢ ᠬᠢᠨᠠᠨ ᠬᠡᠮᠵᠢᠬᠦ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠬᠤ ᠵᠡᠷᠭᠡ ᠶᠢ ᠪᠠᠭᠲᠠᠭᠠᠨ᠎ᠠ ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠲᠡᠭᠦᠨ ᠠᠴᠠ ᠦᠢᠯᠡᠴᠢᠯᠡᠭᠡ ᠬᠤᠳᠠᠯᠳᠤᠨ ᠠᠪᠴᠤ ᠂ ᠬᠦᠯᠢᠶᠡᠨ ᠠᠪᠬᠤ ᠭᠤᠣᠯ ᠴᠣᠭᠴᠠ ᠶᠢᠨ ᠮᠡᠷᠭᠡᠵᠢᠯ ᠂ ᠴᠢᠳᠠᠪᠤᠷᠢᠲᠠᠨ ᠂ ᠵᠠᠬ᠎ᠠ ᠳᠡᠯᠭᠡᠭᠦᠷ ᠂ ᠬᠥᠷᠥᠩᠭᠡ ᠶᠢᠨ ᠲᠠᠯ᠎ᠠ ᠪᠠᠷ ᠬᠢ ᠳᠠᠪᠠᠭᠤᠯᠢᠭ ᠢ ᠲᠤᠶᠢᠯ ᠤᠨ ᠶᠡᠭᠡ ᠪᠠᠷ ᠪᠠᠳᠠᠷᠠᠭᠤᠯᠪᠠ ᠃
图片1.png
      ᠠᠵᠢᠯ ᠤᠨ ᠪᠠᠶᠢᠳᠠᠯ᠄ ᠬᠥᠯᠥᠨ ᠪᠤᠶᠢᠷ ᠬᠤᠳᠠ ᠂ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠵᠡᠷᠭᠡ ᠭᠠᠵᠠᠷ ᠲᠤ ᠷᠦᠢ ᠫᠦ᠋ ᠱᠧᠩ ᠡᠮ ᠂ ᠲᠦᠩᠯᠢᠶᠣᠣ ᠶᠢᠨ ᠯᠠᠨ ᠤᠣ ᠂ ᠶᠢᠨ ᠢᠦᠢ ᠪᠦᠦ ᠯᠢᠩ ᠂ ᠥᠪᠥᠷ ᠮᠣᠩᠭᠤᠯ ᠤᠨ ᠶᠡᠭᠡ ᠰᠠᠶᠢᠨ ᠵᠡᠷᠭᠡ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠠᠴᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠂ 11 ᠬᠤᠰᠢᠭᠤ ᠰᠢᠶᠠᠨ 85 ᠰᠢᠶᠠᠩ ᠪᠠᠯᠭᠠᠰᠤ ᠶᠢ ᠬᠠᠮᠤᠷᠴᠤ ᠂ 2101.2 ᠲᠦᠮᠡᠨ ᠦᠬᠡᠷ ᠬᠤᠨᠢ ᠶᠢ ᠬᠠᠮᠤᠷᠴᠤ ᠂ ᠠᠮᠢᠳᠠᠨ ᠤ ᠬᠢᠵᠢᠭ ᠢ ᠰᠡᠷᠭᠡᠶᠢᠯᠡᠬᠦ ᠶᠠᠰᠤ ᠴᠢᠨᠠᠷ ᠲᠣᠭᠲᠠᠭᠤᠨ ᠢᠶᠠᠷ ᠨᠡᠮᠡᠭᠳᠡᠵᠦ ᠂ ᠠᠮᠢᠳᠠᠨ ᠤ ᠬᠢᠵᠢᠭ ᠢ ᠰᠡᠷᠭᠡᠶᠢᠯᠡᠬᠦ ᠪᠦᠷᠬᠦᠴᠡ ᠶᠢ 100% ᠂ ᠦᠯᠦ ᠬᠠᠯᠳᠠᠭᠠᠬᠤ ᠨᠢᠭᠲᠠᠴᠠ ᠶᠢ 100% ᠂ ᠦᠯᠦ ᠬᠠᠯᠳᠠᠭᠠᠬᠤ ᠡᠰᠡᠷᠭᠦᠴᠡᠭᠴᠢ ᠶᠢᠨ ᠲᠦᠪᠰᠢᠨ ᠢ 70%  ᠠᠴᠠ ᠳᠡᠭᠡᠭᠰᠢ ᠳᠤ ᠬᠦᠷᠭᠡᠵᠡᠢ ᠃ ᠠᠮᠢᠲᠠᠨ ᠤ ᠬᠢᠵᠢᠭ ᠢ ᠰᠡᠷᠭᠡᠶᠢᠯᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠭᠠᠭᠴᠠᠭᠠᠷ ᠲᠡᠮᠡᠴᠡᠬᠦ︾ ᠠᠴᠠ ︽ᠲᠥᠪᠯᠡᠷᠡᠭᠦᠯᠦᠨ ᠬᠤᠷᠰᠢᠨ ᠡᠷᠭᠢᠯᠡᠬᠦ︾ ᠬᠦᠷᠲᠡᠯ᠎ᠡ᠂ ᠳᠠᠬᠢᠨ ︽ᠬᠠᠮᠲᠤᠪᠠᠷ ᠭᠥᠷᠳᠡᠬᠦ ᠡᠬᠢ ᠪᠠᠶᠠᠯᠢᠭ︾ ᠬᠦᠷᠲᠡᠯ᠎ᠡ᠂ ᠪᠦᠬᠦᠨ ᠢᠶᠠᠷ ᠢᠶᠠᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ  ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠮᠥᠷᠲᠡᠭᠡᠨ ᠨᠠᠰᠤ ᠵᠢᠯ ᠢ ᠨᠡᠶᠢᠳᠡᠮ ᠳᠤ  ᠨᠢ ᠵᠠᠯᠠᠭᠤᠵᠢᠭᠤᠯᠵᠤ᠂ ᠮᠡᠷᠭᠡᠵᠢᠯ ᠤᠨ ᠳᠠᠪᠠᠭᠤᠯᠢᠭ ᠪᠠ ᠬᠥᠮᠥᠨ ᠤ ᠬᠦᠴᠦᠨ ᠤ ᠳᠠᠪᠠᠭᠤᠯᠢᠭ ᠢ ᠭᠦᠢᠴᠡᠳ ᠠᠰᠢᠭᠯᠠᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤ ᠥᠨᠳᠥᠷ ᠪᠦᠲᠦᠮᠵᠢᠲᠡᠶ᠂ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠲᠡᠵᠢᠭᠡᠨ ᠦᠷᠡᠵᠢᠭᠦᠯᠬᠦ ᠠᠵᠤ ᠠᠬᠤᠢ ᠶᠢᠨ ᠦᠷ᠎ᠡ ᠠᠰᠢᠭ ᠢ ᠰᠢᠭᠤᠳ ᠳᠡᠭᠡᠭᠰᠢᠯᠡᠭᠦᠯᠪᠡ ᠃ ᠬᠦᠷᠢᠶ᠎ᠡ ᠬᠤᠰᠢᠭᠤᠨ ᠤ ᠬᠢᠵᠢᠭ ᠰᠡᠷᠭᠡᠶᠢᠯᠡᠭᠴᠢ 231 ᠬᠥᠮᠥᠨ ᠤ ᠳᠣᠲᠣᠷ᠎ᠠ 210 ᠬᠥᠮᠥᠨ ᠣᠷᠣᠵᠤ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠢ ᠬᠤᠳᠠᠯᠳᠤᠨ ᠠᠪᠴᠤ᠂ ᠴᠠᠯᠢᠩ ᠢ 1 ᠲᠦᠮᠡᠨ ᠲᠥᠭᠦᠷᠢᠭ ᠣᠷᠴᠢᠮ ᠪᠠᠶᠢᠭᠰᠠᠨ ᠠᠴᠠ 1.6 ᠲᠦᠮᠡᠨ ᠲᠥᠭᠦᠷᠢᠭ ᠣᠷᠴᠢᠮ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ ᠪᠠᠷᠤᠭ 60% ᠳᠤ ᠬᠦᠷᠭᠡᠪᠡ᠃      ᠭᠤᠣᠯ ᠳᠠᠪᠠᠭᠤᠯᠢᠭ ᠄ ᠦᠢᠯᠡᠴᠢᠯᠡᠭᠡᠨ ᠤ ᠺᠣᠮᠫᠠᠨᠢ ᠨᠢ ᠠᠵᠤ ᠠᠬᠤᠶᠢᠯᠠᠯ ᠤᠨ ᠪᠡᠯᠡ ᠮᠥᠩᠭᠦ ᠂ ᠲᠧᠭᠨᠢᠭ ᠮᠡᠷᠭᠡᠵᠢᠯ ᠂ ᠴᠢᠳᠠᠪᠤᠷᠢᠲᠠᠨ ᠤ ᠳᠠᠪᠠᠭᠤᠯᠢᠭ ᠢᠶᠠᠨ ᠪᠠᠳᠠᠷᠠᠭᠤᠯᠵᠤ ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠴᠢᠳᠠᠨ᠎ᠠ ᠃ ᠠᠵᠤ ᠠᠬᠤᠶᠢᠯᠠᠯ ᠤᠨ ᠰᠢᠭᠤᠳ ᠣᠷᠣᠭᠤᠯᠤᠨ ᠠᠪᠴᠢᠷᠠᠬᠤ ᠪᠤᠶᠤ ᠪᠣᠯᠪᠠᠰᠤᠷᠠᠯ ᠢᠶᠠᠷ ᠬᠥᠲᠥᠯᠥᠨ ᠳᠠᠭᠠᠭᠤᠯᠬᠤ ᠠᠷᠭ᠎ᠠ ᠮᠠᠶ᠋ᠢᠭ᠂ ᠢᠯᠠᠩᠭᠤᠶ᠎ᠠ ᠬᠢᠵᠢᠭ ᠢ ᠰᠡᠷᠭᠡᠶᠢᠯᠡᠬᠦ ᠡᠩᠨᠡᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠪᠦᠬᠦᠯᠢ ᠴᠣᠭᠴᠠ ᠶᠢᠨ ᠬᠡᠪ ᠴᠢᠨᠠᠷ ᠢᠶᠠᠷ ᠳᠠᠮᠵᠢᠭᠤᠯᠤᠨ᠂ ᠮᠠᠯ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠠᠴᠠ ᠠᠵᠢᠯ ᠤᠨ ᠡᠭᠦᠷᠭᠡ᠂ ᠠᠵᠢᠯᠲᠠᠨ ᠤ ᠣᠷᠣᠨ ᠲᠤᠭ᠎ᠠ᠂ ᠬᠢᠵᠢᠭ ᠰᠡᠷᠭᠡᠶᠢᠯᠡᠭᠴᠢ ᠶᠢᠨ ᠰᠠᠨᠠᠭᠠᠨ ᠳᠤ ᠦᠭᠡᠢ ᠭᠡᠮᠲᠦᠯ᠂ ᠨᠠᠰᠤᠵᠢᠯ ᠤᠨ ᠠᠰᠠᠷᠠᠮᠵᠢ ᠵᠡᠷᠭᠡ ᠳᠠᠷᠤᠯᠲᠠ ᠶᠢ ᠬᠥᠩᠭᠡᠷᠡᠭᠦᠯᠵᠦ᠂ ᠬᠢᠵᠢᠭ ᠰᠡᠷᠭᠡᠶᠢᠯᠡᠭᠴᠢ ᠨᠠᠩ ᠣᠯᠠᠨ ᠦᠢᠯᠡᠴᠢᠯᠡᠭᠡᠨ ᠤ ᠲᠣᠬᠢᠶᠠᠯ ᠣᠯᠬᠤ ᠪᠠᠷ ᠳᠠᠮᠵᠢᠭᠤᠯᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号