ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ 4 ᠵᠦᠢᠯ ᠤᠨ ᠵᠠᠭᠪᠤᠷ ᠤᠨ ᠭᠤᠷᠪᠠ᠄ ︽ᠣᠨᠣᠰᠢᠯᠠᠨ ᠡᠮᠨᠡᠬᠦ · ᠬᠢᠵᠢᠭ ᠢ ᠰᠡᠷᠭᠡᠶᠢᠯᠡᠬᠦ +︾ ᠶᠢ ᠥᠷᠭᠡᠳᠬᠡᠬᠦ ᠬᠡᠯᠪᠡᠷᠢ
ᠨᠡᠶᠢᠲᠡᠯᠡᠭᠰᠡᠨ ᠴᠠᠭ᠄
2023/9/15
      ︽ᠣᠨᠣᠰᠢᠯᠠᠨ ᠡᠮᠨᠡᠬᠦ · ᠬᠢᠵᠢᠭ ᠢ ᠰᠡᠷᠭᠡᠶᠢᠯᠡᠬᠦ +︾ ᠥᠷᠭᠡᠵᠢᠭᠦᠯᠬᠦ ᠬᠡᠯᠪᠡᠷᠢ ᠶᠢᠨ ᠦᠢᠯᠡᠴᠢᠯᠡᠭᠡᠨ ᠤ ᠵᠠᠭᠪᠤᠷ ᠢ ᠭᠤᠣᠯᠳᠠᠭᠤ ᠮᠠᠯᠵᠢᠬᠤ ᠣᠷᠣᠨ ᠤ ᠦᠬᠡᠷ ᠬᠤᠨᠢ ᠶᠢ ᠣᠨᠣᠰᠢᠯᠠᠨ ᠡᠮᠨᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ᠂ ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠲᠤᠰ ᠪᠡᠶ᠎ᠡ ᠶᠢᠨ ᠮᠡᠷᠭᠡᠵᠢᠯ ᠤᠨ ᠡᠬᠢ ᠪᠠᠶᠠᠯᠢᠭ ᠪᠠ ᠲᠤᠷᠰᠢᠯᠲᠠ ᠶᠢᠨ ᠲᠠᠰᠤᠭ ᠤᠨ ᠡᠬᠢ ᠪᠠᠶᠠᠯᠢᠭ ᠢᠶᠠᠨ ᠠᠰᠢᠭᠯᠠᠵᠤ᠂ ᠮᠠᠯ ᠡᠮᠨᠡᠯᠭᠡ ᠶᠢᠨ ᠨᠠᠶᠢᠳᠠᠯᠭ᠎ᠠ ᠪᠠᠷ ᠬᠠᠮᠢᠶᠠᠷᠬᠤ ᠂ ᠭᠡᠷ᠎ᠡ ᠲᠣᠭᠲᠠᠵᠤ ᠦᠢᠯᠡᠴᠢᠯᠡᠬᠦ ᠵᠡᠷᠭᠡ ᠠᠷᠭ᠎ᠠ‌ᠮᠠᠶ᠋ᠢᠭ ᠢᠶᠠᠷ ᠳᠠᠮᠵᠢᠭᠤᠯᠤᠨ ᠂ ᠬᠡᠯᠬᠢᠶᠡᠯᠡᠨ ᠡᠵᠡᠩᠨᠡᠬᠦ ᠂ ᠲᠥᠷᠥᠯ ᠲᠡᠮᠳᠡᠭᠵᠢᠭᠦᠯᠦᠨ ᠠᠵᠢᠯᠯᠠᠭᠤᠯᠬᠤ ᠶᠢ ᠬᠡᠷᠡᠭᠵᠢᠭᠦᠯᠦᠨ ᠂ ᠬᠢᠵᠢᠭ ᠤᠨ ᠪᠠᠶᠢᠳᠠᠯ  ᠢ ᠵᠢᠭᠰᠠᠭᠠᠨ ᠪᠠᠶᠢᠴᠠᠭᠠᠬᠤ ᠂ ᠸᠠᠺᠼᠢᠨ ᠤ ᠡᠭᠡᠯᠢᠯᠡᠭᠡ ᠬᠢᠬᠦ ᠂ ᠥᠯᠢᠭᠡᠷ ᠡᠳ᠋ ᠴᠤᠭᠯᠠᠭᠤᠯᠬᠤ ᠂ ᠠᠷᠢᠭᠤᠳᠬᠠᠨ ᠢᠷᠡᠯᠲᠡ ᠶᠢ ᠤᠰᠠᠳᠬᠠᠬᠤ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ ᠂ ᠦᠢᠯᠡᠴᠢᠯᠡᠭᠡᠨ ᠤ ᠷᠠᠳᠢᠤᠰ  ᠢ ᠥᠷᠭᠡᠳᠬᠡᠨ ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠢᠳᠡᠪᠬᠢᠲᠡᠢ ᠪᠠᠷ ᠥᠷᠭᠡᠳᠬᠡᠨ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠬᠠᠩᠭᠠᠬᠤ ᠨᠢᠭᠡ ᠵᠦᠢᠯ ᠤᠨ ᠬᠡᠪ ᠵᠠᠭᠪᠤᠷ ᠪᠣᠯᠤᠨ᠎ᠠ᠂  ᠮᠠᠯᠵᠢᠬᠤ ᠣᠷᠣᠨ ᠳᠤ ᠨᠡᠯᠢᠶᠡᠳ ᠬᠦᠷᠢᠶᠡᠯᠡᠯ ᠲᠠᠢ ᠃
图片1.png
      ᠠᠵᠢᠯ ᠤᠨ ᠪᠠᠶᠢᠳᠠᠯ᠄ ᠣᠷᠳᠣᠰ ᠬᠤᠳᠠ ᠂ ᠠᠯᠠᠱᠠ ᠠᠶᠢᠮᠠᠭ ᠵᠡᠷᠭᠡ ᠭᠠᠵᠠᠷ ᠤᠨ ᠬᠢᠨ ᠲᠤᠤ ᠯᠦᠩ ᠮᠠᠯ ᠤᠨ ᠡᠮᠨᠡᠯᠭᠡ ᠶᠢᠨ ᠬᠤᠷᠢᠶ᠎ᠠ ᠂ ᠲᠠᠪᠤᠨ ᠡᠷᠳᠡᠨᠢ ᠮᠠᠯ ᠤᠨ ᠡᠮ ᠤᠨ ᠳᠡᠯᠭᠡᠭᠦᠷ ᠵᠡᠷᠭᠡ ᠲᠤᠰ ᠨᠤᠲᠤᠭ ᠤᠨ ᠮᠠᠯ ᠠᠵᠤ ᠠᠬᠤᠢ ᠮᠠᠯ ᠡᠮᠨᠡᠯᠭᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ᠮᠠᠯ ᠡᠮᠨᠡᠯᠭᠡ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠤᠷᠢᠳᠠᠪᠠᠷ ᠬᠠᠶᠢᠨ ᠰᠦᠪᠡᠭᠴᠢᠯᠡᠵᠡᠢ ᠃ ︽ᠶᠡᠷᠦᠩᠬᠡᠢ ᠬᠡᠯᠲᠡᠰ + ᠬᠤᠪᠢᠶᠠᠷᠢ ᠲᠥᠪ + ᠭᠠᠴᠠᠭ᠎ᠠ ᠲᠣᠰᠬᠤᠨ ᠤ ᠦᠢᠯᠡᠴᠢᠯᠡᠭᠡᠨ ᠤ ᠥᠷᠲᠡᠭᠡ︾ ᠶᠢ ᠬᠡᠷᠡᠭᠵᠢᠭᠦᠯᠵᠦ᠂ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ ᠲᠤᠰᠬᠠᠶᠢᠵᠢᠭᠰᠠᠨ ᠵᠠᠭᠪᠤᠷ ᠢ ᠪᠣᠶ ᠪᠣᠯᠭᠠᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ᠷᠠᠳᠢᠤᠰ ᠢ 30 ᠺᠢᠯᠣᠮᠧᠲᠷ ᠤᠨ ᠳᠣᠲᠣᠷ᠎ᠠ ᠬᠦᠷᠲᠡᠯ᠎ᠡ ᠪᠣᠭᠤᠨᠢᠰᠬᠠᠵᠤ᠂ ᠠᠮᠢᠲᠠᠨ ᠢ ᠣᠨᠣᠰᠢᠯᠠᠨ ᠡᠮᠨᠡᠬᠦ᠂ ᠡᠭᠡᠯᠢᠯᠡᠭᠡ ᠶᠢᠨ ᠲᠠᠷᠢᠯᠭ᠎ᠠ ᠬᠢᠬᠦ ᠵᠡᠷᠭᠡ ᠴᠢᠨᠠᠷ ᠰᠠᠶᠢᠲᠠᠢ ᠮᠠᠯ ᠡᠮᠨᠡᠯᠭᠡ ᠶᠢᠨ ᠦᠢᠯᠡᠴᠢᠯᠡᠭᠡᠨ ᠤ ᠴᠡᠭ ᠢ ᠬᠠᠩᠭᠠᠵᠤ᠂ ᠦᠢᠯᠡᠴᠢᠯᠡᠭᠡᠨ ᠤ ᠪᠦᠲᠦᠮᠵᠢᠲᠦ ᠴᠢᠨᠠᠷ ᠢ ᠳᠡᠭᠡᠭᠰᠢᠯᠡᠭᠦᠯᠪᠡ ᠃ ᠣᠷᠳᠣᠰ ᠬᠤᠲᠠ ᠨᠢᠭᠡᠨᠲᠡ ᠠᠮᠢᠲᠠᠨ ᠢ ᠣᠨᠣᠰᠢᠯᠠᠨ ᠡᠮᠨᠡᠬᠦ ᠦᠢᠯᠡᠴᠢᠯᠡᠭᠡᠨ ᠤ 14 ᠵᠣᠬᠢᠶᠠᠨ ᠪᠠᠶᠢᠭᠤᠯᠤᠯᠲᠠ ᠶᠢ ᠲᠡᠳᠬᠦᠨ ᠪᠣᠶᠢᠵᠢᠭᠤᠯᠵᠤ᠂ ᠲᠤᠬᠠᠶᠢᠯᠠᠭᠰᠠᠨ ᠠᠵᠢᠯ ᠨᠢ ᠠᠮᠢᠲᠠᠨ ᠤ ᠬᠢᠵᠢᠭ ᠢ ᠰᠡᠷᠭᠡᠶᠢᠯᠡᠬᠦ᠂ ᠣᠨᠣᠰᠢᠯᠠᠨ ᠡᠮᠨᠡᠬᠦ᠂ ᠡᠪᠡᠰᠦ ᠪᠣᠷᠳᠤᠭ᠎ᠠ ᠵᠢᠴᠢ ᠮᠠᠯ ᠤᠨ ᠡᠮ ᠪᠣᠷᠣᠯᠠᠭᠤᠯᠬᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ ᠬᠦᠷᠢᠶ᠎ᠡ ᠴᠠᠷᠠᠭ᠎ᠠ ᠳᠤ ᠬᠤᠯᠪᠤᠭᠳᠠᠵᠤ ᠪᠠᠶᠢᠨ᠎ᠠ ᠃ ᠡᠭᠦᠨ ᠳᠤ᠂ ᠣᠲᠤᠭ ᠬᠤᠰᠢᠭᠤᠨ ᠳᠤ ᠬᠤᠰᠢᠭᠤᠨ ᠤ ᠲᠠᠰ ᠤᠨ ᠮᠠᠯ ᠤᠨ ᠡᠮᠨᠡᠯᠭᠡ ᠶᠢᠨ ᠬᠤᠷᠢᠶ᠎ᠠ 1᠂ ᠰᠤᠮᠤ ᠪᠠᠯᠭᠠᠰᠤᠨ ᠤ ᠮᠠᠯ ᠤᠨ ᠡᠮᠨᠡᠯᠭᠡ ᠶᠢᠨ ᠬᠤᠷᠢᠶ᠎ᠠ 7᠂ ᠭᠠᠴᠠᠭ᠎ᠠ ᠲᠣᠰᠬᠤᠨ ᠤ ᠦᠢᠯᠡᠴᠢᠯᠡᠭᠡᠨ ᠤ ᠴᠢᠭ᠋ 20 ᠪᠠᠶᠢᠭᠤᠯᠵᠠᠢ᠃ ︽ᠬᠤᠰᠢᠭᠤ᠂ ᠰᠤᠮᠤ᠂ ᠲᠣᠰᠬᠤᠨ︾ ᠭᠤᠷᠪᠠᠨ ᠳᠡᠰ ᠤᠨ ᠮᠠᠯ ᠡᠮᠨᠡᠯᠭᠡ ᠶᠢᠨ ᠦᠢᠯᠡᠴᠢᠯᠡᠭᠡᠨ ᠤ ᠵᠠᠭᠪᠤᠷ ᠠᠩᠬ᠎ᠠ ᠠᠯᠬᠤᠮ ᠪᠦᠷᠢᠯᠳᠦᠵᠦ᠂ ᠮᠠᠯ ᠠᠵᠤ ᠠᠬᠤᠢ ᠶᠢᠨ ᠳᠠᠭᠠᠭᠠᠮᠠᠯ ᠡᠭᠦᠯᠡᠨ ᠮᠠᠯ ᠠᠵᠤ ᠠᠬᠤᠢ ᠶᠢᠨ ᠢᠨᠲ᠋ᠧᠷ ᠰᠦᠯᠵᠢᠶᠡᠨ ᠤ ᠲᠠᠪᠴᠠᠩ ︵PC APP︶ ᠳᠤ ᠲᠦᠰᠢᠭᠯᠡᠨ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠠᠮᠢᠲᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠬᠤ ᠪᠠ ᠡᠮᠨᠡᠨ ᠵᠠᠰᠠᠬᠤ᠂ ᠠᠮᠢᠲᠠᠨ ᠤ ᠰᠢᠮ᠎ᠡ ᠲᠡᠵᠢᠭᠡᠯ ᠤᠨ ᠰᠣᠯᠢᠯᠴᠠᠭ᠎ᠠ ᠶᠢᠨ ᠡᠪᠡᠳᠴᠢᠨ ᠢ ᠪᠠᠶᠢᠴᠠᠭᠠᠨ ᠰᠢᠯᠭᠠᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠢ ᠪᠠᠶᠢᠴᠠᠭᠠᠨ ᠰᠢᠯᠭᠠᠬᠤ᠂ ᠦᠷᠡᠵᠢᠭᠦᠯᠬᠦ ᠮᠡᠷᠭᠡᠵᠢᠯ ᠪᠠ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠦᠢᠯᠡᠴᠢᠯᠡᠭᠡ ᠶᠢ ᠪᠠᠭᠲᠠᠭᠠᠭᠰᠠᠨ ᠳᠥᠷᠪᠡᠨ ᠶᠡᠭᠡ ᠲᠥᠷᠥᠯ ᠤᠨ 20 ᠭᠠᠷᠤᠢ ᠵᠦᠢᠯ ᠤᠨ ᠠᠵᠢᠯ ᠢ ᠴᠠᠭ ᠲᠤᠬᠠᠢ ᠳᠤ  ᠨᠢ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ  ᠠᠴᠠ ᠪᠥᠬᠦ ᠤᠯᠤᠰ ᠤᠨ ᠣᠳᠣᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠪᠥᠬᠦ ᠤᠯᠤᠰ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠨᠢᠭᠡᠴᠡ ᠳᠤ ᠵᠢᠭᠰᠠᠭᠠᠭᠳᠠᠨ ᠣᠷᠣᠵᠤ᠂ ᠣᠯᠠᠨ ᠭᠠᠵᠠᠷ ᠲᠤ ᠴᠡᠴᠡᠭᠯᠡᠵᠦ᠂ ᠲᠣᠰ ᠲᠣᠰ ᠤᠨ ᠣᠨᠴᠠᠯᠢᠭ ᠲᠠᠢ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠪᠡ᠃      ᠭᠤᠣᠯ ᠳᠠᠪᠠᠭᠤᠯᠢᠭ ᠄ ᠢᠨᠲ᠋ᠧᠷ ᠰᠦᠯᠵᠢᠶ᠎ᠡ ᠵᠡᠷᠭᠡ ᠢᠶᠠᠷ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠪᠠᠳᠠᠷᠠᠭᠤᠯᠵᠤ ᠂ ︽ ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ᠂ ᠰᠢᠯᠵᠢᠮᠡᠯ ᠡᠮᠨᠡᠯᠭᠡ︾ ᠶᠢᠨ ᠵᠠᠭᠪᠤᠷ ᠢ ᠬᠡᠷᠡᠭᠯᠡᠬᠦ ᠪᠠᠷ ᠳᠠᠮᠵᠢᠭᠤᠯᠵᠤ ᠂ ᠠᠯᠤᠰ ᠠᠴᠠ ᠡᠮᠨᠡᠨ ᠵᠠᠰᠠᠬᠤ ᠦᠢᠯᠡᠴᠢᠯᠡᠭᠡ ᠶᠢ ᠲᠡᠭᠦᠯᠳᠡᠷᠵᠢᠭᠦᠯᠵᠦ ᠂ ᠡᠮᠨᠡᠨ ᠵᠠᠰᠠᠬᠤ ᠴᠠᠭ ᠢ ᠪᠣᠭᠤᠨᠢᠰᠬᠠᠵᠤ ᠂ ᠡᠮᠨᠡᠨ ᠵᠠᠰᠠᠬᠤ ᠨᠤᠷᠮ᠎ᠠ ᠶᠢ ᠳᠡᠭᠡᠭᠰᠢᠯᠡᠭᠦᠯᠵᠦ ᠂ ᠮᠠᠯᠴᠢᠨ ᠲᠠᠷᠢᠶᠠᠴᠢᠨ ᠤ ᠡᠪᠡᠳᠴᠢᠨ ᠲᠠᠢ ᠮᠠᠯ ᠤᠨ ︽ ᠡᠪᠡᠳᠴᠢᠨ ᠦᠵᠡᠭᠦᠯᠬᠦ ᠳᠤ ᠬᠦᠴᠢᠷᠲᠡᠢ ᠂ ᠡᠮᠴᠢ ᠵᠠᠯᠠᠬᠤ ᠳᠤ ᠬᠦᠴᠢᠷᠲᠡᠢ ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ ᠃ ᠡᠭᠦᠨ ᠤ ᠬᠠᠮᠲᠤ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠡᠮᠴᠢᠯᠡᠭᠡᠨ ᠤ ᠮᠡᠰᠡ ᠵᠠᠰᠠᠯ᠂ ᠪᠢᠴᠢᠯ ᠡᠯᠧᠮᠧᠨ᠋ᠲ ᠤᠨ ᠪᠠᠶᠢᠴᠠᠭᠠᠨ ᠬᠡᠮᠵᠢᠯᠲᠡ᠂ ᠰᠠᠯᠠᠭᠠᠲᠤ ᠠᠩᠬᠠᠨ ᠤ ᠪᠡᠶ᠎ᠡ ᠶᠢᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ᠂ ᠰᠢᠮᠡᠭᠦᠷ ᠬᠤᠷᠣᠬᠠᠢ ᠶᠢᠨ ᠡᠪᠡᠳᠴᠢᠨ ᠢ ᠰᠢᠭᠰᠢᠨ ᠪᠠᠶᠢᠴᠠᠭᠠᠬᠤ ᠵᠡᠷᠭᠡ ᠲᠠᠯ᠎ᠠ ᠪᠠᠷ ︽ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ︾ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠪᠠ ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号