ᠨᠠᠷᠢᠮᠤ ᠶᠢᠨ ᠰᠢᠨ᠎ᠡ ᠡᠭᠦᠯᠳᠡᠷ︱ ᠶᠢᠨ ᠮᠢᠶᠤᠤ K1
ᠨᠡᠶᠢᠲᠡᠯᠡᠭᠰᠡᠨ ᠴᠠᠭ᠄
2023/9/15
      ︽ ᠶᠢᠨ ᠮᠢᠶᠤᠤ K1︾ ᠨᠢ ᠲᠤᠬᠠᠢ ᠶᠢᠨ ᠭᠠᠵᠠᠷ ᠤᠨ ᠭᠤᠣᠯ ᠳᠠᠷᠢᠵᠤ ᠪᠠᠶᠢᠭ᠎ᠠ ︽ᠳ᠋ᠠ  ᠶᠢᠨ ᠮᠢᠶᠤᠤ︾ ︽ᠮᠣᠣ ᠮᠣᠣ ᠭᠦ᠋︾ ᠨᠠᠷᠢᠮᠤ ᠶᠢᠨ ᠰᠢᠨ᠎ᠡ ᠡᠭᠦᠯᠳᠡᠷ ᠢ ᠣᠷᠣᠯᠠᠭᠰᠠᠨ ᠪᠠᠶᠢᠨ᠎ᠠ᠃ 
图片1.png
       ᠲᠤᠰ ᠡᠭᠦᠯᠳᠡᠷ ᠨᠢ ᠭᠤᠷᠪᠠᠨ ᠣᠨᠴᠠᠯᠢᠭ ᠲᠠᠢ᠄      ᠨᠢᠭᠡ ᠳᠤ ᠶᠠᠰᠤ ᠴᠢᠨᠠᠷ ᠢᠶᠠᠷ ᠰᠢᠯᠢᠳᠡᠭ᠃ ᠤᠯᠤᠰ ᠤᠨ ᠨᠢᠭᠡᠳᠦᠭᠡᠷ ᠳᠡᠰ ᠤᠨ ᠴᠢᠨᠠᠷ ᠰᠠᠶᠢᠲᠠᠢ ᠲᠤᠲᠤᠷᠭ᠎ᠠ ᠪᠠᠷ ᠦᠨᠡᠯᠡᠭᠳᠡᠵᠦ᠂ ᠴᠠᠷᠳᠠᠭᠤᠯ ᠤᠨ ᠠᠭᠤᠯᠤᠭᠳᠠᠴᠠ᠂ ᠤᠭᠤᠷᠠᠭ ᠤᠨ ᠠᠭᠤᠯᠤᠭᠳᠠᠴᠠ᠂ ᠵᠤᠲᠠᠩᠰᠢᠭᠰᠠᠨ ᠳᠤᠯᠠᠭᠠᠨ ᠤ ᠬᠡᠮᠵᠢᠶ᠎ᠡ ᠨᠢ ︽ᠳ᠋ᠠ  ᠶᠢᠨ ᠮᠢᠶᠤᠤ︾᠂ ︽ᠮᠣᠣ ᠮᠣᠣ ᠭᠦ᠋︾ ᠲᠠᠢ ᠠᠳᠠᠯᠢ ᠪᠠᠶᠢᠵᠤ᠂ ᠥᠭᠡᠬᠦ ᠶᠢᠨ ᠠᠭᠤᠯᠤᠭᠳᠠᠴᠠ ᠨᠢ 25.9% ᠪᠠᠷ ᠳᠡᠭᠡᠭᠰᠢᠯᠡᠵᠦ᠂ ᠨᠠᠷᠢᠮᠤ ᠶᠢᠨ ᠰᠢᠷ᠎ᠠ ᠥᠩᠭᠡ ᠶᠢᠨ ᠡᠳ᠋ ᠤᠨ ᠠᠭᠤᠯᠤᠭᠳᠠᠴᠠ ᠶᠢᠨ b ᠬᠡᠮᠵᠢᠭᠳᠡᠯ ᠢ 7.5% ᠪᠠᠷ ᠳᠡᠭᠡᠭᠰᠢᠯᠡᠭᠦᠯᠵᠦ᠂ ᠴᠠᠷᠳᠠᠭᠤᠯ ᠤᠨ ᠬᠠᠮᠤᠭ ᠡᠴᠦᠰ ᠤᠨ ᠨᠢᠯᠲᠠᠭ ᠤᠨ ᠬᠡᠮᠵᠢᠶ᠎ᠡ ᠨᠢ 55% ᠪᠠᠷ ᠳᠡᠭᠡᠭᠰᠢᠯᠡᠭᠰᠡᠨ ᠪᠠᠶᠢᠨ᠎ᠠ᠃      ᠬᠤᠶᠠᠷ ᠲᠤ ᠡᠰᠡᠷᠭᠦᠴᠡᠬᠦ ᠴᠢᠳᠠᠪᠤᠷᠢ ᠨᠢ ᠰᠠᠶᠢᠨ᠃ ︽ ᠶᠢᠨ ᠮᠢᠶᠤᠤ K1︾ ᠶᠢᠨ ᠰᠠᠭᠤᠷᠢ ᠨᠢ 125cm ᠥᠨᠳᠥᠷ ᠪᠠᠶᠢᠵᠤ᠂ ︽ᠳ᠋ᠠ  ᠶᠢᠨ ᠮᠢᠶᠤᠤ︾ ᠠᠴᠠ 40cm ᠪᠠᠭᠤᠷᠠᠵᠤ᠂ ᠡᠰᠢ ᠨᠢᠷᠤᠭᠤᠨ ᠤ ᠡᠰᠡᠷᠭᠦᠴᠡᠬᠦ ᠴᠢᠳᠠᠪᠤᠷᠢ  ᠨᠢ ᠢᠯᠡᠳᠲᠡ ᠳᠡᠭᠡᠭᠰᠢᠯᠡᠨ᠂ ᠠᠯᠺᠧᠨ᠋ᠲ᠋ᠢᠳᠢᠨ ᠡᠪᠡᠰᠦ ᠶᠢ ᠠᠷᠢᠯᠭᠠᠬᠤ ᠡᠮ᠂ ᠴᠠᠶᠢᠷᠠᠬᠤ ᠡᠪᠡᠳᠴᠢᠨ ᠢ ᠡᠰᠡᠷᠭᠦᠴᠡᠬᠦ ᠴᠢᠨᠠᠷ ᠨᠢ ᠢᠯᠡᠳᠲᠡ ᠳᠡᠭᠡᠭᠰᠢᠯᠡᠪᠡ︔ ᠮᠠᠰᠢᠨᠴᠢᠯᠠᠯᠲᠠ ᠬᠡᠪᠴᠢᠶᠡᠵᠢᠭᠦᠯᠦᠯᠲᠡ ᠶᠢᠨ ᠦᠢᠯᠡᠳᠪᠦᠷᠢᠯᠡᠯ ᠳᠤ ᠲᠣᠬᠢᠷᠠᠮᠵᠢᠲᠠᠢ᠃      ᠭᠤᠷᠪᠠ ᠳᠤ ᠵᠣᠬᠢᠴᠠᠬᠤ ᠴᠢᠳᠠᠪᠤᠷᠢ ᠨᠢ ᠰᠠᠶᠢᠨ᠃ ᠥᠪᠥᠷ ᠮᠣᠩᠭᠤᠯ᠂ ᠭᠢᠷᠢᠨ ᠮᠤᠵᠢ᠂ ᠯᠢᠶᠣᠤᠨᠢᠩ ᠮᠤᠵᠢ᠂ ᠱᠠᠨ ᠰᠢ ᠮᠤᠵᠢ᠂ ᠾᠧᠪᠧᠢ ᠮᠤᠵᠢ᠂ ᠰᠢᠨᠵᠢᠶᠠᠩ᠂ ᠨᠢᠩᠰᠢᠶᠠ᠂ ᠭᠠᠨᠰᠤ ᠳᠤ ᠴᠥᠮ ᠳᠠᠷᠢᠵᠤ ᠪᠣᠯᠣᠨ᠎ᠠ᠂ ᠳᠠᠷᠢᠬᠤ ᠬᠤᠭᠤᠴᠠᠭ᠎ᠠ ᠶᠢ 5 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ ᠳᠠᠷᠢᠵᠤ ᠪᠣᠯᠣᠨ᠎ᠠ᠃ 
图片2.png
       2023 ᠣᠨ ᠳᠤ᠂ ︽ ᠶᠢᠨ ᠮᠢᠶᠤᠤ K1︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠡᠭᠦᠯᠳᠡᠷ ᠢᠶᠠᠷ ᠵᠢᠭᠰᠠᠭᠠᠵᠤ᠂ ᠣᠶᠢᠷ᠎ᠠ ᠶᠢᠨ ᠭᠤᠷᠪᠠᠨ ᠵᠢᠯ ᠳᠤ ᠨᠡᠶᠢᠲᠡ 498.24 ᠲᠦᠮᠡᠨ ᠮᠦ ᠳᠡᠯᠭᠡᠷᠡᠭᠦᠯᠵᠦ᠂ ᠰᠢᠨ᠎ᠡ ᠡᠭᠦᠯᠳᠡᠷ ᠤᠨ ᠪᠥᠬᠦ ᠤᠯᠤᠰ ᠲᠤ ᠪᠦᠷᠬᠦᠴᠡ ᠶᠢᠨ ᠨᠣᠷᠮ᠎ᠠ  ᠨᠢ 15% ᠣᠷᠴᠢᠮ᠂ ᠪᠥᠬᠦ ᠣᠷᠣᠨ ᠤ ᠪᠦᠷᠬᠦᠴᠡ ᠶᠢᠨ ᠨᠣᠷᠮ᠎ᠠ  ᠨᠢ 50% ᠠᠴᠠ ᠳᠡᠭᠡᠭᠰᠢ ᠪᠠᠶᠢᠵᠤ᠂ ᠨᠡᠶᠢᠭᠡᠮ ᠤᠨ ᠠᠵᠤ ᠠᠬᠤᠢ ᠶᠢᠨ ᠦᠷ᠎ᠡ ᠠᠰᠢᠭ 18.24 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号