9 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠣᠯᠭᠠᠭᠤᠯᠬᠤ ᠳᠤᠭᠤᠶᠢᠯᠠᠩ ᠤᠨ | ᠬᠢᠨ ᠤᠯᠠᠭᠠᠨᠴᠠᠪ ᠤᠨ ᠡᠯ᠎ᠡ ᠬᠤᠲᠠ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠂ ᠠᠮᠢ ᠠᠬᠤᠢ ᠶᠢᠨ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠠᠷᠢᠯᠢᠭ ᠪᠣᠯᠪᠠᠰᠤᠷᠠᠭᠤᠯᠤᠯᠲᠠ᠂ ᠬᠠᠭᠤᠷᠠᠢ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ | ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤ ᠪᠠᠷ 2024 ᠣᠨ ᠤ | ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠪᠡ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ | ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | | ᠬᠤᠷᠠᠯ ᠳᠡᠭᠡᠷ᠎ᠡ᠂ ᠠᠵᠢᠯᠯᠠᠬᠤ ᠳᠤᠭᠤᠶᠢᠯᠠᠩ ᠤᠨ ᠬᠢᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠵᠢᠴᠢ | ᠡᠳᠦᠷ ᠲᠤᠲᠤᠮ ᠤᠨ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ ︽ᠰᠤᠳᠠᠯ ᠪᠠᠷᠢᠵᠤ ᠠᠰᠠᠭᠤᠨ ᠣᠨᠣᠰᠢᠯᠠᠵᠤ︾᠂ | ᠤᠯᠠᠭᠠᠨᠴᠠᠪ ᠬᠤᠲᠠ ᠶᠢᠨ ᠳᠤᠷᠠᠳᠤᠭᠰᠠᠨ ᠬᠦᠴᠢᠷ ᠠᠰᠠᠭᠤᠳᠠᠯ᠂ ᠡᠮᠵᠡᠭ ᠲᠠᠢ ᠭᠠᠵᠠᠷ᠂ ᠲᠦᠭᠵᠢᠷᠡᠯ ᠲᠠᠢ ᠭᠠᠵᠠᠷ ᠲᠤ | ᠴᠢᠭᠯᠡᠭᠦᠯᠦᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠵᠢᠯᠣᠭᠤᠳᠤᠯᠭ᠎ᠠ ᠶᠢᠨ ᠴᠢᠨᠠᠷᠲᠠᠢ ᠰᠠᠨᠠᠭᠤᠯᠭ᠎ᠠ | ᠳᠤᠷᠠᠳᠪᠠ᠃ | ᠬᠤᠷᠠᠯ ᠠᠴᠠ᠂ ᠤᠯᠠᠭᠠᠨᠴᠠᠪ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂ ᠠᠵᠤ | ᠦᠢᠯᠡᠰ ᠤᠨ ᠰᠠᠭᠤᠷᠢ ᠯᠠᠪᠳᠠᠭᠤᠨ ᠪᠠᠲᠤᠲᠠᠢ ᠪᠠᠶᠢᠵᠤ᠂ ᠤᠳᠤ ᠦᠶ᠎ᠡ ᠶᠢᠨ ᠲᠠᠷᠢᠶᠠᠯᠠᠩ ᠤᠨ ᠭᠤᠷᠪᠠᠨ ᠶᠡᠭᠡ | ᠰᠢᠰᠲ᠋ᠧᠮᠵᠢ ᠦᠨᠳᠦᠰᠦᠨ ᠳᠡᠭᠡᠨ ᠪᠦᠷᠢᠯᠳᠦᠵᠦ᠂ ︽ᠨᠢᠭᠡ ᠰᠢᠶᠠᠨ ᠨᠢᠭᠡ ᠪᠦᠲᠦᠭᠡᠭᠳᠡᠭᠦᠨ︾ ᠤ ᠪᠦᠲᠦᠭᠡᠨ | ᠪᠠᠶᠢᠭᠤᠯᠤᠯᠲᠠ ᠥᠪᠡᠷᠮᠢᠴᠡ ᠣᠨᠴᠠᠯᠢᠭ ᠲᠠᠢ ᠪᠤᠯᠵᠠᠢ᠃ ᠡᠬᠢ ᠪᠠᠶᠠᠯᠢᠭ ᠤᠨ ᠳᠠᠪᠠᠭᠤᠯᠢᠭ ᠢᠯᠡᠷᠬᠡᠢ᠂ ︽ᠠᠭᠤᠯᠠ ᠤᠰᠤ | ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ ᠬᠦᠴᠦᠨ ᠵᠦᠢᠯ ᠪᠦᠷᠢᠨ ᠭᠦᠢᠴᠡᠳ᠂ ᠠᠮᠢ | ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠳᠠᠭ ᠪᠣᠯᠬᠤᠷ | ᠨᠠᠷᠢᠨ ᠬᠢᠨᠠᠮᠠᠭᠠᠢ ᠰᠦᠪᠡᠭᠴᠢᠯᠡᠨ ᠰᠤᠳᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ | ᠲᠣᠮᠣ ᠲᠤᠭ ᠢ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ︽ᠲᠠᠷᠢᠶᠠᠨ ᠭᠠᠵᠠᠷ᠂ ᠤᠰᠤ᠂ ᠡᠭᠦᠯᠳᠡᠷ᠂ ᠮᠡᠷᠭᠡᠵᠢᠯ︾ ︽ᠠᠮᠤ ᠪᠤᠳᠠᠭ᠎ᠠ᠂ ᠮᠢᠬ᠎ᠠ᠂ ᠰᠦ᠂ | ᠡᠪᠡᠰᠦ︾ ︽ ᠬᠡᠯᠬᠢᠶ᠎ᠡ ᠂ ᠦᠢᠯᠡᠴᠢᠯᠡᠭᠡ ᠂ ᠠᠭᠤᠰᠤᠯᠴᠠᠯ ᠂ ᠦᠭᠡᠷᠡᠴᠢᠯᠡᠯᠲᠡ ︾ ᠵᠡᠷᠭᠡ ᠭᠤᠣᠯᠳᠠᠯᠭ᠎ᠠ ᠲᠠᠢ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠦᠷᠢᠶᠡᠯᠡᠩ ᠲᠣᠭᠤᠷᠢᠭ ᠤᠨ ᠰᠡᠳᠬᠢᠬᠦᠢ︾ ᠪᠠᠷ ᠵᠢᠯᠣᠭᠤᠳᠤᠯᠭ᠎ᠠ ᠪᠣᠯᠭᠠᠵᠤ᠂ | ᠠᠯᠠᠰᠢᠨ ᠦᠬᠡᠷ᠂ ᠠᠯᠠᠰᠢᠨ ᠬᠤᠨᠢ᠂ ᠰᠦ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠲᠥᠮᠥᠰᠥ᠂ ᠨᠣᠬᠠᠢ ᠶᠢᠨ ᠬᠤᠰᠢᠭᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠠᠵᠤ ᠦᠢᠯᠡᠰ ᠢ ᠨᠠᠷᠢᠯᠢᠭ | ᠪᠥᠭᠡᠳ ᠰᠠᠶᠢᠨ ᠬᠢᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠳᠠᠪᠠᠭᠤᠯᠢᠭ ᠲᠠᠭᠠᠨ ᠰᠠᠭᠤᠷᠢᠯᠠᠨ ᠂ ᠨᠠᠶᠢᠯᠵᠠᠭᠤᠷ ᠬᠠᠷᠭᠠᠨ᠎ᠠ ᠪᠠ ᠲᠡᠵᠢᠭᠡᠯ ᠡᠪᠡᠰᠦᠨ ᠤ | ᠠᠵᠤ ᠦᠢᠯᠡᠰ ᠢ ᠬᠥᠭᠵᠢᠭᠦᠯᠵᠦ ᠂ ᠲᠡᠵᠢᠭᠡᠬᠦ ᠶᠢᠨ ᠲᠥᠯᠥᠭᠡ ᠲᠠᠷᠢᠵᠤ ᠂ ᠲᠡᠵᠢᠭᠡᠬᠦ ᠪᠠᠷ ᠡᠭᠦᠯᠳᠡᠷ ᠢ ᠲᠣᠭᠲᠠᠭᠠᠵᠤ ᠂ | ᠠᠮᠢ ᠠᠬᠤᠢ ᠶᠢᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ᠢ ᠣᠷᠭᠠᠨᠢᠭ ᠢᠶᠠᠷ ᠤᠶᠠᠯᠳᠤᠭᠤᠯᠬᠤ ᠶᠢ | ᠪᠡᠶᠡᠯᠡᠭᠦᠯᠬᠦ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠰᠢᠯᠢᠳᠡᠭᠵᠢᠭᠦᠯᠵᠦ ᠂ ᠨᠡᠶᠢᠭᠡᠮᠴᠢᠯᠡᠭᠰᠡᠨ | ᠦᠢᠯᠡᠴᠢᠯᠡᠭᠡ ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠂ ᠨᠠᠶᠢᠳᠠᠨ ᠬᠠᠮᠢᠶᠠᠷᠤᠭᠤᠯᠬᠤ ᠵᠡᠷᠭᠡ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠡᠭᠦᠨ ᠤ ᠬᠠᠮᠲᠤ ᠂ ᠲᠦᠷᠦᠯ ᠵᠦᠢᠯ ᠤᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠰᠠᠶᠢᠲᠤᠷ | ᠠᠰᠢᠭᠯᠠᠵᠤ ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ | ᠠᠯᠪᠠᠨ ᠭᠡᠷ᠂ ᠨᠢᠭᠡᠴᠢ ᠨᠦᠭᠦᠳ ᠡᠯ᠎ᠡ ᠠᠶᠢᠮᠠᠭ ᠬᠤᠲᠠ ᠲᠠᠢ ᠭᠠᠷ ᠬᠤᠯᠪᠣᠨ ᠬᠠᠮᠲᠤᠪᠠᠷ ᠪᠠᠶᠢᠭᠤᠯᠵᠤ᠂ ᠠᠳᠠᠯᠢ | ᠳᠠᠪᠲᠠᠮᠵᠢ ᠪᠠᠷ ᠡᠯ᠎ᠡ ᠭᠤᠭᠴᠤᠭ᠎ᠠ ᠳᠤ ᠳᠣᠷᠣᠭᠰᠢ ᠪᠠᠭᠤᠯᠭᠠᠵᠤ ᠂ ᠪᠣᠳᠠᠲᠠᠢ ᠠᠰᠠᠭᠤᠳᠠᠯ ᠢ ᠬᠠᠪᠰᠤᠷᠤᠨ | ᠰᠢᠢᠳᠪᠦᠷᠢᠯᠡᠵᠦ᠂ ᠭᠠᠵᠠᠷ ᠣᠷᠣᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠶᠢᠮᠠᠭ | ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠴᠢᠭᠯᠡᠭᠦᠯᠦᠨ ᠬᠢᠨᠠᠮᠠᠭᠠᠢ ᠰᠤᠳᠤᠯᠵᠤ᠂ ᠨᠠᠷᠢᠨ | ᠣᠨᠣᠪᠴᠢᠲᠠᠶ ᠪᠥᠭᠡᠳ ᠴᠢᠭᠯᠡᠭᠦᠯᠬᠦ ᠴᠢᠨᠠᠷᠲᠠᠢ ᠪᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠨ | ᠬᠡᠷᠡᠭᠵᠢᠭᠦᠯᠬᠦ ᠳᠤ ᠳᠡᠮᠵᠢᠯᠭᠡ ᠦᠵᠡᠭᠦᠯᠵᠦ᠂ ᠪᠥᠬᠦ ᠣᠷᠣᠨ ᠤ ᠬᠢᠯᠠᠰ ᠴᠡᠭ ᠢ ᠠᠳᠬᠤᠬᠤ ᠬᠡᠷᠡᠭᠲᠡᠢ ᠭᠡᠪᠡ ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠭᠤᠸ ᠰᠢᠤᠸᠠᠢ | ᠹᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠡᠷᠬᠢᠯᠡᠭᠴᠢ ᠬᠤ᠋ ᠶᠢᠤ ᠯᠢᠨ᠂ ᠲᠢᠩᠬᠢᠮ ᠤᠨ ᠬᠠᠷᠢᠶ᠎ᠠ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ | ᠬᠠᠷᠢᠭᠤᠴᠠᠯᠭᠠᠲᠠᠨ ᠨᠥᠬᠦᠳ︔ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ | ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |