ᠣᠷᠣᠨ ᠤ ᠳᠣᠲᠣᠷᠠᠬᠢ ᠲᠤᠰᠬᠠᠢ ᠮᠡᠷᠭᠡᠵᠢᠯ ᠤᠨ ᠬᠢᠷᠢ ᠬᠡᠮ ᠲᠠᠢ᠂ ᠪᠡᠯᠡ ᠮᠥᠩᠭᠦ ᠶᠢᠨ ᠪᠣᠳᠠᠲᠤ | ᠬᠦᠴᠦᠨ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠴᠢᠳᠠᠪᠤᠷᠢ ᠪᠠᠷ | ᠴᠢᠩᠭ᠎ᠠ ᠠᠵᠤ ᠠᠬᠤᠶᠢᠯᠠᠯ ᠢ ᠰᠣᠩᠭᠤᠵᠤ᠂ ᠣᠷᠣᠨ ᠪᠦᠰᠡ ᠶᠢᠨ ᠴᠢᠨᠠᠷᠲᠠᠢ ᠬᠤᠤᠷᠭᠦᠶᠢᠵᠢᠭᠦᠯᠦᠨ ᠰᠢᠢᠳᠪᠦᠷᠢᠯᠡᠬᠦ | ᠲᠤᠰᠬᠠᠢ ᠲᠠᠯᠠᠪᠠᠶ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ︽ᠡᠪᠡᠳᠴᠢᠨ ᠢᠶᠠᠷ | ᠦᠬᠦᠭᠰᠡᠨ ᠮᠠᠯ ᠢ ᠰᠢᠢᠳᠪᠦᠷᠢᠯᠡᠬᠦ + ᠣᠷᠭᠠᠨᠢᠭ ᠪᠣᠷᠳᠣᠭᠤᠷ ᠦᠢᠯᠡᠳᠪᠦᠷᠢᠯᠡᠬᠦ + ᠠᠮᠢᠲᠠᠨ ᠤ ᠬᠢᠵᠢᠭ ᠢ | ᠰᠡᠷᠭᠡᠶᠢᠯᠡᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠠᠭᠪᠤᠷ ᠢ ᠬᠡᠷᠡᠭᠯᠡᠨ᠂ ᠡᠪᠡᠳᠴᠢᠨ ᠢᠶᠠᠷ ᠦᠬᠦᠭᠰᠡᠨ ᠮᠠᠯ ᠢ ᠰᠢᠢᠳᠪᠦᠷᠢᠯᠡᠬᠦ ᠳᠤ ᠬᠤᠤᠷᠭᠦᠶᠢᠵᠢᠭᠦᠯᠬᠦ ᠂ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠨᠡᠶᠢᠭᠡᠮᠴᠢᠯᠡᠬᠦ᠂ ᠡᠪᠡᠳᠴᠢᠨ ᠢᠶᠠᠷ ᠦᠬᠦᠭᠰᠡᠨ ᠮᠠᠯ ᠢ ᠪᠣᠷᠳᠣᠭᠤᠷ | ᠪᠣᠯᠭᠠᠬᠤ᠂ ᠡᠵᠡᠩᠨᠡᠯᠲᠡ ᠶᠢ ᠵᠠᠬ᠎ᠠ ᠳᠡᠯᠭᠡᠭᠦᠷᠴᠢᠯᠡᠬᠦ ︽ᠳᠥᠷᠪᠡᠨ ᠣᠳᠣᠬᠢᠴᠢᠯᠠᠯᠲᠠ︾ ᠶᠢ ᠵᠡᠷᠭᠡ ᠳᠤ ᠨᠢ | ᠶᠠᠪᠤᠭᠳᠠᠭᠤᠯᠬᠤ ᠶᠢ ᠪᠡᠶᠡᠯᠡᠭᠦᠯᠪᠡ ᠃ | | | | | | ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ | ᠨᠢᠭᠡᠳᠦᠯᠲᠡᠢ ᠲᠥᠯᠥᠪᠵᠢᠭᠦᠯᠬᠦ᠂ ᠪᠠᠲᠤᠯᠠᠬᠤ ᠪᠠ ᠰᠢᠢᠳᠪᠦᠷᠢᠯᠡᠬᠦ ᠶᠢ ᠬᠤᠯᠪᠣᠯᠳᠤᠭᠤᠯᠬᠤ︾ ᠵᠠᠷᠴᠢᠮ ᠶᠣᠰᠣᠭᠠᠷ᠂ | ᠳᠠᠯᠠᠳ ᠬᠤᠰᠢᠭᠤᠨ ᠤ ᠵᠠᠰᠠᠭ ᠤᠨ ᠣᠷᠳᠣᠨ ︽ᠳᠠᠯᠠᠳ ᠬᠤᠰᠢᠭᠤᠨ ᠤ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ | ︵ᠳ᠋ᠠ ᠵᠧᠩ ᠲᠠᠷᠬᠠᠭᠠᠭᠰᠠᠨ ﹇2022﹈ 54 ᠳ᠋ᠦ᠋ᠭᠡᠷ ᠲᠣᠭᠠᠲᠤ︶ ᠢ ᠨᠡᠶᠢᠲᠡᠯᠡᠪᠡ᠃ ᠠᠮᠢᠲᠠᠨ ᠳᠤ | ᠠᠯᠪᠠᠳᠠᠯᠭ᠎ᠠ ᠪᠠᠷ ᠴᠠᠷᠤᠯᠲᠠ ᠬᠢᠯᠭᠡᠬᠦ᠂ ᠠᠷᠢᠭᠤᠳᠬᠠᠵᠤ ᠢᠷᠡᠯᠲᠡ ᠶᠢ ᠨᠢ ᠤᠰᠠᠳᠬᠠᠬᠤ᠂ ᠬᠤᠣᠷ ᠦᠭᠡᠢ ᠪᠣᠯᠭᠠᠨ | ᠰᠢᠢᠳᠪᠦᠷᠢᠯᠡᠬᠦ᠂ ᠮᠡᠷᠭᠡᠵᠢᠯ ᠳᠡᠯᠭᠡᠷᠡᠭᠦᠯᠬᠦ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠡᠷᠭᠡ ᠮᠠᠯ ᠡᠮᠨᠡᠯᠭᠡ ᠶᠢᠨ | ᠦᠢᠯᠡᠴᠢᠯᠡᠭᠡᠨ ᠢ ᠲᠥᠷᠥᠯ ᠵᠦᠢᠯ ᠢᠶᠠᠷ ᠲᠡᠳᠬᠦᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡᠳᠦᠯᠲᠡᠢ ᠵᠠᠭᠪᠤᠷ ᠵᠢᠴᠢ ᠲᠠᠰ ᠳᠠᠷᠠᠭᠠᠯᠠᠯ ᠢ ᠬᠡᠷᠡᠭᠵᠢᠭᠦᠯᠵᠦ᠂ ︽ᠬᠤᠶᠠᠷ ᠲᠤ | ᠲᠣᠬᠢᠷᠠᠬᠤ︾ ᠠᠮᠢᠳᠤ ᠪᠣᠳᠠᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠣᠮᠫᠠᠨᠢ ᠠᠴᠠ ᠬᠠᠷᠢᠭᠤᠴᠠᠨ | ᠶᠠᠪᠤᠭᠳᠠᠭᠤᠯᠪᠠ ᠃ ᠡᠷᠬᠡ ᠲᠡᠭᠰᠢ ᠰᠠᠶᠢᠨ ᠳᠤᠷ᠎ᠠ ᠶᠢᠨ ᠪᠠᠶᠢᠬᠤ ᠤᠷᠢᠲᠠᠯ ᠳᠣᠣᠷ᠎ᠠ᠂ ᠪᠥᠬᠦ ᠠᠵᠢᠯᠲᠠᠨ 249 ᠨᠡᠷᠡᠰ | ᠭᠠᠴᠠᠭ᠎ᠠ ᠲᠣᠰᠬᠤᠨ ᠤ ᠲᠠᠰ ᠤᠨ ᠠᠮᠢᠲᠠᠨ ᠤ ᠬᠢᠵᠢᠭ ᠢ ᠰᠡᠷᠭᠡᠶᠢᠯᠡᠭᠴᠢ ᠶᠢ ᠭᠥᠯᠢᠶᠡᠨ ᠠᠪᠴᠤ ᠬᠠᠮᠢᠶᠠᠷᠴᠤ᠂ | ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠤᠰᠢᠭᠤᠨ ᠲᠠᠰ ᠤᠨ ᠦᠢᠯᠡᠴᠢᠯᠡᠭᠡᠨ ᠤ ᠲᠥᠪ ᠤᠨ | ᠠᠵᠢᠯᠯᠠᠬᠤ ᠲᠠᠯᠠᠪᠤᠷ ᠭᠠᠵᠠᠷ ᠪᠠ ᠮᠠᠯ ᠤᠨ ᠡᠮᠨᠡᠯᠭᠡ ᠶᠢᠨ ᠬᠤᠷᠢᠶ᠎ᠠ 1᠂ ᠡᠯ᠎ᠡ ᠰᠤᠮᠤ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠠᠯᠠᠪᠤᠷ ᠭᠠᠵᠠᠷ ᠪᠠ ᠠᠮᠢᠲᠠᠨ ᠤ ᠡᠮᠴᠢᠯᠡᠭᠡᠨ ᠤ ᠭᠠᠵᠠᠷ 1᠂ 23 ᠭᠠᠴᠠᠭ᠎ᠠ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠠᠰᠤᠭ ᠲᠣᠰ ᠪᠦᠷᠢ 1 ᠪᠠᠶᠢᠬᠤ ᠶᠢᠨ ᠬᠠᠮᠲᠤ | ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠴᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠳᠤ ᠬᠡᠷᠡᠭᠯᠡᠭᠦᠯᠪᠡ ᠃ | ᠭᠤᠣᠯ ᠳᠠᠪᠠᠭᠤᠯᠢᠭ ᠄ ︽ ᠭᠤᠷᠪᠠ ᠶᠢ ᠬᠤᠪᠢᠷᠠᠭᠤᠯᠬᠤ ︾ ᠄ ᠨᠢᠭᠡ ᠳᠤ ᠥᠷᠢᠰᠦᠯᠳᠦᠨ ᠤᠷᠢᠬᠤ ᠂ | ᠰᠢᠯᠢᠳᠡᠭ ᠢ ᠨᠢ ᠰᠣᠩᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠵᠢᠭ ᠰᠡᠷᠭᠡᠶᠢᠯᠡᠭᠴᠢ ᠶᠢ ᠪᠡᠶ᠎ᠡ ᠪᠠᠨ ᠳᠠᠭᠠᠭᠠᠨ | ᠤᠷᠢᠨ ᠬᠡᠷᠡᠭᠯᠡᠵᠦ ᠂ ᠤᠤᠯ ᠤᠨ ᠵᠠᠰᠠᠭ ᠤᠨ ᠣᠷᠳᠣᠨ ᠠᠴᠠ ᠤᠷᠢᠨ ᠬᠡᠷᠡᠭᠯᠡᠵᠦ ᠪᠠᠶᠢᠭᠰᠠᠨ ᠢ ᠨᠡᠶᠢᠭᠡᠮᠴᠢᠯᠡᠭᠰᠡᠨ | ᠵᠣᠬᠢᠶᠠᠨ ᠪᠠᠶᠢᠭᠤᠯᠤᠯᠲᠠ ᠠᠴᠠ ᠤᠷᠢᠨ ᠬᠡᠷᠡᠭᠯᠡᠬᠦ ᠪᠣᠯᠭᠠᠨ ᠬᠤᠪᠢᠷᠠᠭᠤᠯᠵᠤ ᠂ ᠬᠢᠵᠢᠭ ᠰᠡᠷᠭᠡᠶᠢᠯᠡᠭᠴᠢ ᠶᠢᠨ ᠪᠡᠶ᠎ᠡ ᠶᠢᠨ | ᠭᠠᠷᠤᠯ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠭᠠᠨ ᠬᠤᠪᠢᠷᠠᠭᠤᠯᠪᠠ᠃ ᠬᠤᠶᠠᠷ ᠲᠤ ᠭᠠᠴᠠᠭᠠᠨ ᠤ | ᠱᠠᠲᠤᠨ ᠤ ᠬᠢᠵᠢᠭ ᠰᠡᠷᠭᠡᠶᠢᠯᠡᠭᠴᠢ ᠶᠢᠨ ᠬᠤᠪᠢᠷᠠᠰᠢ ᠦᠭᠡᠢ ᠲᠣᠭᠲᠠᠮᠠᠯ ᠬᠥᠮᠥᠨ ᠬᠡᠷᠡᠭᠯᠡᠬᠦ ᠵᠠᠭᠪᠤᠷ ᠢ ᠠᠵᠤ | ᠠᠬᠤᠶᠢᠯᠠᠯ ᠠᠴᠠ ᠠᠵᠢᠯ ᠤᠨ ᠪᠦᠲᠦᠮᠵᠢ ᠶᠢ ᠰᠢᠯᠭᠠᠨ ᠦᠨᠡᠯᠡᠯᠳᠡ ᠶᠢᠨ ᠪᠠᠶᠢᠳᠠᠯ ᠢ ᠦᠨᠳᠦᠰᠦᠯᠡᠨ | ᠬᠥᠳᠡᠯᠦᠩᠭᠦᠢ ᠪᠠᠷ ᠲᠣᠬᠢᠷᠠᠭᠤᠯᠬᠤ ᠪᠣᠯᠭᠠᠨ ᠬᠤᠪᠢᠷᠠᠭᠤᠯᠪᠠ᠃ ᠭᠤᠷᠪᠠ ᠳᠤ ᠭᠠᠴᠠᠭᠠᠨ ᠤ ᠱᠠᠲᠤᠨ ᠤ ᠬᠢᠵᠢᠭ | ᠰᠡᠷᠭᠡᠶᠢᠯᠡᠭᠴᠢ ᠶᠢ ᠲᠠᠷᠢᠶᠠᠯᠠᠩ ᠮᠠᠯ ᠠᠵᠤ ᠠᠬᠤᠢ ᠶᠢᠨ ᠲᠠᠩ ᠭᠠᠭᠴᠠ ᠰᠠᠯᠠᠭ᠎ᠠ ᠮᠥᠴᠢᠷ ᠤᠨ ᠴᠡᠪᠡᠷ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠠᠴᠠ ᠵᠠᠬ᠎ᠠ ᠳᠡᠯᠭᠡᠭᠦᠷ᠂ ᠭᠠᠶᠢᠯᠢ ᠶᠢᠨ ᠶᠠᠪᠤᠳᠠᠯ᠂ ᠬᠥᠳᠡᠯᠮᠦᠷᠢ ᠶᠢᠨ | ᠪᠠᠲᠤᠯᠠᠭ᠎ᠠ ᠵᠡᠷᠭᠡ ᠰᠠᠯᠠᠭ᠎ᠠ ᠮᠥᠴᠢᠷ ᠠᠴᠠ ᠶᠡᠷᠦᠩᠬᠡᠶᠢᠯᠡᠨ ᠬᠠᠮᠢᠶᠠᠷᠬᠤ ᠪᠣᠯᠭᠠᠨ ᠬᠤᠪᠢᠷᠠᠭᠤᠯᠪᠠ ᠃ ᠬᠠᠭᠤᠴᠢᠨ | ᠮᠠᠯ ᠤᠨ ᠡᠮᠴᠢ ᠪᠠ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ︽ ᠬᠠᠮᠢᠶᠠᠷᠬᠤ ᠦᠭᠡᠢ ᠂ ᠬᠠᠮᠢᠶᠠᠷᠴᠤ | ᠳᠡᠶᠢᠯᠬᠦ ᠦᠭᠡᠢ᠂ ᠰᠠᠶᠢᠨ ᠬᠠᠮᠢᠶᠠᠷᠬᠤ ᠦᠭᠡᠢ ︾ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠪᠡ᠃ ︽ ᠭᠤᠷᠪᠠ ᠶᠢ | ᠳᠡᠭᠡᠭᠰᠢᠯᠡᠭᠦᠯᠬᠦ ︾ ᠄ ᠨᠢᠭᠡ ᠳᠤ ︽ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ ᠂ ᠰᠠᠶᠢᠨ ᠠᠮᠵᠢᠯᠲᠠ ᠪᠦᠲᠦᠮᠵᠢ | ᠣᠯᠪᠠᠯ ᠰᠠᠶᠢᠨ ᠬᠥᠯᠥᠰᠦ ᠣᠯᠭᠤᠬᠤ ︾ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠯᠲᠠ ᠪᠠ | ᠬᠤᠪᠢᠶᠠᠷᠢᠯᠠᠬᠤ ᠲᠥᠰᠥᠯ ᠢ ᠬᠡᠷᠡᠭᠵᠢᠭᠦᠯᠵᠦ ᠂ ᠬᠢᠵᠢᠭ ᠢ ᠰᠡᠷᠭᠡᠶᠢᠯᠡᠬᠦ ᠠᠵᠢᠯᠲᠠᠨ ᠤ ᠢᠳᠡᠪᠬᠢᠵᠢᠯ ᠢ ᠳᠡᠭᠡᠭᠰᠢᠯᠡᠭᠦᠯᠵᠦ ᠂ | ᠬᠢᠵᠢᠭ ᠢ ᠰᠡᠷᠭᠡᠶᠢᠯᠡᠬᠦ ᠶᠠᠰᠤ ᠴᠢᠨᠠᠷ ᠢ ᠮᠡᠳᠡᠭᠳᠡᠬᠦᠶᠢᠴᠡ ᠲᠡᠭᠡᠭᠰᠢᠯᠡᠭᠦᠯᠪᠡ ︔ ᠬᠤᠶᠠᠷ ᠲᠤ ᠠᠵᠢᠯᠲᠠᠨ ᠢ | ᠴᠥᠭᠡᠳᠬᠡᠨ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ | ᠥᠷᠭᠡᠳᠬᠡᠵᠦ᠂ ᠬᠢᠵᠢᠭ ᠰᠡᠷᠭᠡᠶᠢᠯᠡᠭᠴᠢ ᠶᠢᠨ ᠣᠷᠣᠯᠭ᠎ᠠ ᠶᠢ ᠶᠡᠭᠡ ᠪᠠᠷ ᠳᠡᠭᠡᠭᠰᠢᠯᠡᠭᠦᠯᠪᠡ ᠃ ᠭᠤᠷᠪᠠ ᠳᠤ | ᠲᠥᠪᠯᠡᠷᠡᠭᠦᠯᠦᠨ ᠴᠤᠭᠯᠠᠭᠤᠯᠤᠭᠰᠠᠨ ᠰᠠᠭᠤᠷᠢᠨ ᠳᠡᠭᠡᠷ᠎ᠡ ᠂ ᠠᠮᠢᠳᠤ ᠪᠣᠳᠠᠰ ᠤᠨ ᠪᠣᠷᠳᠣᠭᠤᠷ ᠤᠨ ᠦᠢᠯᠡᠳᠪᠦᠷᠢ | ᠪᠠᠶᠢᠭᠤᠯᠵᠤ ᠂ ᠳᠠᠭᠠᠯᠲᠠ ᠡᠳ᠋ ᠢᠶᠠᠷ ᠣᠷᠭᠠᠨᠢᠭ ᠪᠣᠷᠳᠣᠭᠤᠷ ᠢ ᠦᠢᠯᠡᠳᠪᠦᠷᠢᠯᠡᠵᠦ᠂ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠲᠤᠰᠬᠠᠶᠢᠵᠢᠭᠤᠯᠤᠨ ᠰᠢᠢᠳᠪᠦᠷᠢᠯᠡᠬᠦ ᠪᠦᠷᠬᠦᠴᠡ ᠶᠢᠨ ᠨᠤᠷᠮ᠎ᠠ ᠪᠠ ᠡᠬᠢ ᠪᠠᠶᠠᠯᠢᠭᠵᠢᠭᠤᠯᠤᠨ ᠠᠰᠢᠭᠯᠠᠬᠤ | ᠨᠤᠷᠮ᠎ᠠ ᠶᠢ ᠳᠡᠭᠡᠭᠰᠢᠯᠡᠭᠦᠯᠪᠡ ᠃ ︽ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠬᠦᠷᠳᠡᠬᠦ ︾ ᠄ ᠨᠢᠭᠡ ᠳᠤ | ᠵᠠᠰᠠᠭ ᠤᠨ ᠣᠷᠳᠣᠨ ᠤ ᠠᠵᠢᠯ ᠤᠨ ᠡᠭᠦᠷᠭᠡ᠂ ᠠᠵᠢᠯᠲᠠᠨ ᠤ ᠣᠷᠣᠨ ᠲᠤᠭ᠎ᠠ᠂ ᠬᠢᠵᠢᠭ ᠰᠡᠷᠭᠡᠶᠢᠯᠡᠭᠴᠢ ᠶᠢᠨ | ᠰᠠᠨᠠᠭᠠᠨ ᠳᠤ ᠦᠭᠡᠢ ᠭᠡᠮᠲᠦᠯ᠂ ᠨᠠᠰᠤᠵᠢᠯ ᠤᠨ ᠠᠰᠠᠷᠠᠮᠵᠢ ᠵᠡᠷᠭᠡ ᠳᠠᠷᠤᠯᠲᠠ ᠶᠢ ᠬᠥᠩᠭᠡᠷᠡᠭᠦᠯᠪᠡ ︔ ᠬᠤᠶᠠᠷ ᠲᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠴᠤ ᠦᠢᠯᠡᠴᠢᠯᠡᠭᠡᠨ ᠤ ᠬᠦᠷᠢᠶ᠎ᠡ ᠪᠠᠨ ᠥᠷᠭᠡᠳᠬᠡᠵᠦ ᠂ ᠬᠤᠯᠪᠣᠭᠳᠠᠯ | ᠪᠦᠬᠦᠢ ᠵᠠᠩᠭᠢᠯᠠᠭ᠎ᠠ ᠶᠢᠨ ᠠᠯᠳᠠᠭᠳᠠᠯ ᠢ ᠨᠥᠬᠦᠪᠦᠷᠢᠯᠡᠵᠦ ᠂ ᠪᠦᠬᠦᠯᠢ ᠴᠣᠭᠴᠠ ᠶᠢᠨ ᠠᠰᠢᠭ ᠣᠯᠵᠠᠪᠤᠷᠢ ᠶᠢ | ᠪᠡᠶᠡᠯᠡᠭᠦᠯᠵᠡᠢ ︔ ᠭᠤᠷᠪᠠ ᠳᠤ ᠲᠡᠵᠢᠭᠡᠨ ᠦᠷᠡᠵᠢᠭᠦᠯᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢᠨ ᠲᠤᠰᠬᠠᠶᠢᠵᠢᠭᠰᠠᠨ᠂ ᠵᠣᠬᠢᠶᠠᠨ ᠪᠠᠶᠢᠭᠤᠯᠤᠯᠴᠠᠭᠰᠠᠨ ᠮᠠᠯ ᠡᠮᠨᠡᠯᠭᠡ ᠶᠢᠨ ᠦᠢᠯᠡᠴᠢᠯᠡᠭᠡᠨ ᠤ ᠲᠤᠯᠭᠠᠮ᠎ᠠ | ᠬᠡᠷᠡᠭᠴᠡᠭᠡ ᠶᠢ ᠬᠠᠩᠭᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠮᠠᠯ ᠵᠢᠭᠦᠷᠲᠡᠨ ᠤ ᠰᠦᠷᠦᠭᠵᠢᠯ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠠᠲᠤᠯᠠᠪᠠ᠃ | |