ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠤᠯᠠᠭᠠᠨᠬᠠᠳᠠ ᠬᠤᠲᠠ ᠶᠢᠨ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠵᠤᠯᠭᠠᠯᠴᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠤᠨ ᠵᠣᠯᠭᠠᠭᠤᠯᠬᠤ ᠳᠤᠭᠤᠶᠢᠯᠠᠩ ᠤᠨ  ᠬᠢᠨ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠂ ᠲᠦᠭᠦᠭᠡᠷᠦᠮᠵᠢᠲᠦ ᠲᠠᠷᠢᠶᠠᠯᠠᠩ ᠤᠨ ᠥᠭᠡᠷᠡᠴᠢᠯᠡᠨ ᠳᠡᠭᠡᠭᠰᠢᠯᠡᠭᠦᠯᠦᠯᠲᠡ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠂ ᠦᠷ᠎ᠡ ᠶᠢᠨ ᠦᠢᠯᠡᠰ ᠤᠨ ᠬᠦᠭᠵᠢᠯ ᠮᠠᠨᠳᠤᠯᠲᠠ ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠣᠯᠭᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
11.jpg
       ᠬᠤᠷᠠᠯ ᠤᠨ ᠬᠤᠭᠤᠴᠠᠭᠠᠨ ᠳᠤ᠂ ᠡᠯ᠎ᠡ ᠵᠣᠯᠭᠠᠭᠤᠯᠬᠤ ᠳᠤᠭᠤᠶᠢᠯᠠᠩ ᠤᠨ ᠬᠢᠨ ︽ᠦᠢᠯᠡᠴᠢᠯᠡᠭᠡ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠣᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠴᠦ᠂ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠳᠤ ᠵᠢᠯᠣᠭᠤᠳᠤᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠪᠠ᠃      ᠬᠤᠷᠠᠯ ᠠᠴᠠ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠰᠠᠶᠢᠨ ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠂ ᠡᠬᠢ ᠪᠠᠶᠠᠯᠢᠭ ᠤᠨ ᠡᠯᠧᠮᠧᠨ᠋ᠲ ᠪᠦᠷᠢᠨ ᠭᠦᠢᠴᠡᠳ ᠂ ᠠᠮᠤ ᠪᠤᠳᠠᠭᠠᠨ ᠤ ᠤᠨᠠᠯᠲᠠ ᠪᠦᠬᠦ ᠣᠷᠣᠨ ᠤ ᠭᠤᠷᠪᠠᠳᠤᠭᠠᠷ ᠲᠤ ᠣᠷᠣᠵᠤ ᠂ ᠮᠠᠯ ᠤᠨᠤᠭ᠎ᠠ ᠤᠯᠠᠨ ᠵᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ ᠣᠷᠤᠭᠰᠠᠨ ᠪᠠᠶᠢᠨ᠎ᠠ᠃ ᠳᠠᠯᠳᠠ ᠬᠦᠴᠦᠨ ᠢ ᠭᠦᠨᠵᠡᠭᠡᠢ ᠠᠭᠤᠳᠠᠯᠵᠤ 2024 ᠣᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠪᠠᠷ ᠲᠥᠯᠥᠪᠵᠢᠭᠦᠯᠬᠦ ᠬᠡᠷᠡᠭᠲᠡᠢ ᠭᠡᠵᠦ ᠵᠢᠠᠭᠠᠵᠤ ᠭᠠᠷᠭᠠᠪᠠ᠃
22.jpg
       ᠬᠤᠷᠠᠯ ᠠᠴᠠ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ ᠃ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠬᠦᠭᠵᠢᠯᠳᠡ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠤᠨᠠᠯᠲᠠ ᠶᠢᠨ ᠳᠠᠪᠠᠭᠤᠯᠢᠭ ᠢ ᠦᠢᠯᠡᠳᠬᠦᠨ ᠤ ᠥᠷᠲᠡᠭ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠬᠥᠭᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠠᠷ ᠪᠣᠶᠢᠵᠢᠭᠤᠯᠵᠤ᠂ ᠪᠥᠬᠦ ᠰᠢᠶᠠᠩ ᠪᠥᠬᠦ ᠲᠣᠰᠬᠤᠨ ᠢᠶᠠᠷ ᠢᠶᠠᠨ ᠲᠥᠪᠯᠡᠷᠡᠨ ᠵᠠᠯᠭᠠᠯᠳᠤᠭᠰᠠᠨ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠪᠠᠷ ᠭᠤᠣᠯ ᠪᠣᠯᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠬᠦ ᠶᠢ ᠳᠡᠮᠵᠢᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠳᠠᠯᠠᠬᠤ ᠬᠡᠷᠡᠭᠲᠡᠢ᠃ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ᠴᠢᠴᠠᠷᠭᠠᠨ᠎ᠠ᠂ ᠨᠠᠶᠢᠯᠵᠠᠭᠤᠷ ᠬᠠᠷᠭᠠᠨ᠎ᠠ ᠵᠡᠷᠭᠡ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠢ ᠲᠡᠵᠢᠭᠡᠯ ᠪᠣᠷᠳᠤᠭᠠᠵᠢᠭᠤᠯᠤᠠ ᠠᠰᠢᠭᠯᠠᠬᠤ ᠶᠢ ᠴᠢᠩᠭᠠᠳᠬᠠᠨ᠂ ᠨᠢᠭᠡ ᠪᠦᠯᠦᠭ ᠥᠨᠳᠥᠷ ᠪᠠᠷᠢᠮᠵᠢᠶᠠᠲᠤ ᠡᠪᠡᠰᠦᠨ ᠲᠠᠷᠢᠶ᠎ᠠ ᠪᠠ ᠡᠪᠡᠰᠦᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠂ ᠮᠠᠯᠴᠢᠳ ᠤᠨ ᠬᠤᠷᠢᠶᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ︽ᠬᠦᠷᠢᠶᠡᠯᠡᠩ ᠲᠣᠭᠤᠷᠢᠭ︾ ᠤᠨ ᠰᠡᠳᠬᠢᠬᠦᠢ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ ᠃ ︽ᠶᠡᠭᠡ ᠬᠦᠷᠢᠶᠡᠯᠡᠩ ᠲᠣᠭᠤᠷᠢᠭ᠂ ᠶᠡᠭᠡ ᠰᠦᠷᠦᠭᠵᠢᠯ ᠂ ᠶᠡᠭᠡ ᠠᠭᠤᠰᠤᠯᠴᠠᠯ︾ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠨ᠎ᠡ᠃ ᠨᠢᠭᠡ ᠪᠦᠯᠦᠭ ᠥᠨᠳᠥᠷ ᠡᠬᠢᠯᠡᠯᠲᠡ ᠲᠠᠢ ᠂ ᠥᠨᠳᠥᠷ ᠪᠠᠷᠢᠮᠵᠢᠶ᠎ᠠ ᠲᠠᠢ ᠶᠡᠭᠡ ᠰᠦᠷᠦᠭᠵᠢᠯ᠂ ᠶᠡᠭᠡ ᠬᠦᠷᠢᠶᠡᠯᠡᠩ ᠲᠣᠭᠤᠷᠢᠭ ᠂ ᠶᠡᠭᠡ ᠰᠢᠶᠠᠨ ᠂ ᠶᠡᠭᠡ ᠰᠢᠶᠠᠩ ᠂ ᠶᠡᠭᠡ ᠪᠠᠯᠭᠠᠰᠤ ᠶᠢ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠤᠨ᠎ᠠ ᠃ ᠲᠥᠷᠥᠯ ᠵᠦᠢᠯ ᠢᠶᠠᠷ ᠭᠤᠣᠯ ᠪᠣᠯᠭᠠᠬᠤ ᠶᠢ ᠪᠠᠷᠢᠮᠳᠠᠯᠠᠬᠤ ᠬᠡᠷᠡᠭᠲᠡᠢ ᠃ ᠲᠥᠷᠥᠯ ᠵᠦᠢᠯ ᠤᠨ ᠬᠥᠮᠥᠷᠭᠡ ᠶᠢ ᠱᠠᠲᠤ ᠬᠤᠪᠢᠶᠠᠨ ᠪᠠᠶᠢᠭᠤᠯᠵᠤ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠨᠥᠬᠦᠴᠡᠯ ᠪᠣᠯᠪᠠᠰᠤᠷᠠᠩᠭᠤᠢ ᠲᠥᠷᠥᠯ ᠵᠦᠢᠯ ᠢ ᠲᠥᠯᠥᠪᠵᠢᠭᠦᠯᠵᠦ᠂ ᠲᠥᠷᠥᠯ ᠵᠦᠢᠯ ᠤᠨ ᠪᠤᠯᠤᠮᠵᠢᠳᠤ ᠴᠢᠨᠠᠷ ᠂ ᠪᠡᠯᠡ ᠮᠥᠩᠭᠦ ᠶᠢᠨ ᠢᠷᠡᠯᠲᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠠᠵᠢᠯ ᠡᠬᠢᠯᠡᠭᠦᠯᠬᠦ ᠶᠠᠪᠤᠴᠠ ᠵᠡᠷᠭᠡ ᠶᠢ ᠳᠠᠭᠠᠵᠤ ᠲᠡᠭᠦᠯᠳᠡᠷᠵᠢᠭᠦᠯᠦᠨ᠂ ︽ ᠲᠦᠯᠦᠪᠵᠢᠭᠦᠯᠭᠡ ᠵᠢᠷᠤᠭ ᠢ ᠬᠦᠮᠦᠷᠭᠡ ᠳᠤ ᠣᠷᠤᠭᠤᠯᠬᠤ︾ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ︽ᠨᠢᠭᠡ ᠴᠣᠭᠴᠠᠵᠢᠭᠤᠯᠤᠯᠲᠠ ᠂ ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠪᠣᠳᠠᠲᠠᠢ ᠶᠢ ᠡᠷᠬᠢᠮᠯᠡᠨ ᠲᠤᠰᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠦ ᠯᠢᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ︔ ᠤᠯᠠᠭᠠᠨᠬᠠᠳᠠ ᠬᠤᠳᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠳᠡᠳ᠋ ᠨᠠᠷᠢᠨ ᠪᠢᠴᠢᠭ ᠤᠨ ᠳᠠᠷᠤᠭ᠎ᠠ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号