ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ | ᠠᠳᠬᠤᠵᠤ ᠂ ᠲᠠᠷᠢᠶᠠᠯᠠᠩ ᠤᠨ ᠮᠠᠰᠢᠨ ᠤ ᠡ᠊ᠨᠳᠡᠯ ᠢ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ | ᠲᠥᠯᠥᠭᠡ ᠂ 9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠲᠠᠷᠢᠶᠠᠯᠠᠩ ᠤᠨ ᠮᠠᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠶᠢ ᠪᠠᠶᠠᠨᠨᠠᠭᠤᠷ ᠬᠤᠲᠠ ᠳᠤ ᠠᠮᠵᠢᠯᠲᠠ ᠲᠠᠢ | ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠪᠠᠶᠠᠨᠨᠠᠭᠤᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ | ᠡᠷᠭᠢᠯᠡᠪᠡ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠶᠦᠩ ᠬᠤᠸᠠ᠂ | ᠪᠠᠶᠠᠨᠨᠠᠭᠤᠷ ᠬᠤᠲᠠ ᠶᠢᠨ ᠳᠡᠳ᠋ ᠳᠠᠷᠤᠭ᠎ᠠ ᠵᠠᠩ ᠷᠦ᠋ ᠬᠤᠩ ᠠᠵᠢᠯᠯᠠᠭ᠎ᠠ ᠳᠤ ᠣᠷᠣᠯᠴᠠᠵᠤ᠂ ᠪᠥᠬᠦ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ 80 ᠭᠠᠷᠤᠢ ᠬᠥᠮᠥᠨ ᠲᠣᠰ ᠤᠳᠠᠭᠠᠨ ᠤ ᠰᠣᠷᠢᠯᠲᠠ ᠳᠤ | ᠣᠷᠣᠯᠴᠠᠵᠠᠢ᠃ | | | | | ᠲᠣᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠳᠤ ᠡᠷᠳᠡᠨᠢ ᠰᠢᠰᠢ ᠶᠢᠨ ᠬᠠᠳᠤᠵᠤ ᠬᠤᠷᠢᠶᠠᠬᠤ ᠬᠠᠮ | ᠮᠠᠰᠢᠨ ᠢ ᠳᠠᠭᠤᠷᠢᠶᠠᠨ ᠲᠠᠷᠢᠶᠠᠨ ᠦᠵᠦᠭᠦᠷ ᠲᠤ ᠮᠠᠰᠢᠨ ᠢᠶᠠᠨ ᠵᠣᠭᠰᠣᠭᠠᠵᠤ ᠪᠠᠶᠢᠴᠠᠭᠠᠨ ᠵᠠᠰᠠᠬᠤ ᠦᠶ᠎ᠡ ᠳᠤ᠂ | ᠬᠠᠮᠲᠤ ᠠᠵᠢᠯᠯᠠᠵᠤ ᠪᠠᠶᠢᠭᠰᠠᠨ ᠲᠷᠠᠺᠲ᠋ᠣᠷ ᠮᠥᠷᠭᠦᠯᠳᠦᠭᠡᠳ 1 ᠬᠥᠮᠥᠨ ᠦᠬᠦᠵᠦ᠂ 1 ᠬᠥᠮᠥᠨ ᠰᠢᠷᠬᠠᠲᠤᠭᠰᠠᠨ | ᠲᠠᠷᠢᠶᠠᠯᠠᠩ ᠤᠨ ᠮᠠᠰᠢᠨ ᠤ ᠠᠳᠡᠯ ᠢ ᠳᠠᠭᠤᠷᠢᠶᠠᠵᠠᠢ᠃ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠲᠡᠷᠡ ᠳᠠᠷᠤᠢ ᠳᠤ ᠨᠢ | ᠲᠠᠷᠢᠶᠠᠯᠠᠩ ᠤᠨ ᠮᠠᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠡᠬᠢᠯᠡᠨ | ᠬᠡᠷᠡᠭᠵᠢᠭᠦᠯᠵᠦ᠂ ᠠᠳᠡᠯ ᠭᠠᠷᠤᠭᠰᠠᠨ ᠪᠠᠶᠢᠳᠠᠯ ᠢ ᠱᠠᠲᠤ ᠳᠠᠷᠠᠭᠠᠯᠠᠨ ᠳᠡᠭᠡᠭᠰᠢ ᠮᠡᠳᠡᠭᠦᠯᠪᠡ᠂ ᠳᠠᠷᠠᠭ᠎ᠠ ᠪᠠᠷ ᠨᠢ | ᠲᠠᠷᠢᠶᠠᠯᠠᠩ ᠮᠠᠯ ᠠᠵᠤ ᠠᠬᠤᠢ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠪᠠᠴᠢᠮ ᠠᠪᠤᠷᠠᠯᠳᠠ ᠶᠢᠨ ᠲᠥᠪ᠂ ᠳᠠᠭᠠᠳᠬᠠᠯ ᠵᠡᠷᠭᠡ ᠰᠠᠯᠠᠭ᠎ᠠ ᠮᠥᠴᠢᠷ ᠦᠳᠲᠡᠷ ᠲᠦᠷᠭᠡᠨ ᠢᠶᠠᠷ ᠬᠡᠷᠡᠭ | ᠭᠠᠷᠤᠭᠰᠠᠨ ᠲᠤᠬᠠᠢ ᠶᠢᠨ ᠲᠠᠯᠠᠪᠤᠷ ᠲᠤ ᠬᠦᠷᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠨ᠂ | ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃ ᠳᠠᠷᠠᠭ᠎ᠠ ᠨᠢ ᠯᠢᠨ ᠾᠧ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ | ᠬᠦᠷᠴᠦ ᠂ ᠡᠯ᠎ᠡ ᠰᠠᠯᠠᠭ᠎ᠠ ᠮᠥᠴᠢᠷ ᠢ ᠴᠤᠭᠯᠠᠭᠤᠯᠤᠨ ᠬᠤᠶᠢᠰᠢᠳᠠ ᠶᠢᠨ ᠠᠵᠢᠯ ᠢ ᠲᠣᠬᠢᠷᠠᠭᠤᠯᠪᠠ ᠃ ᠬᠠᠷᠠᠭᠠᠨ | ᠳᠠᠪᠲᠠᠮᠵᠢ ᠪᠠ ᠲᠤᠬᠠᠢ ᠶᠢᠨ ᠲᠠᠯᠠᠪᠤᠷ ᠤᠨ ᠬᠠᠷᠢᠯᠴᠠᠬᠤ ᠬᠡᠯᠪᠡᠷᠢ ᠪᠠᠷ ᠳᠠᠮᠵᠢᠭᠤᠯᠤᠨ ᠲᠠᠷᠢᠶᠠᠯᠠᠩ ᠤᠨ ᠮᠠᠰᠢᠨ ᠤ | ᠠᠳᠡᠯ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ᠂ ᠱᠠᠲᠤ ᠳᠠᠷᠠᠭᠠᠯᠠᠨ ᠮᠡᠳᠡᠭᠦᠯᠬᠦ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠬᠦ᠂ ᠲᠤᠬᠠᠢ ᠶᠢᠨ ᠲᠠᠯᠠᠪᠤᠷ ᠲᠤ ᠠᠪᠤᠷᠠᠨ ᠲᠤᠰᠠᠯᠠᠬᠤ᠂ | ᠲᠤᠬᠠᠢ ᠶᠢᠨ ᠲᠠᠯᠠᠪᠤᠷ ᠲᠤ ᠬᠠᠶᠢᠨ ᠪᠠᠶᠢᠴᠠᠭᠠᠵᠤ ᠰᠢᠢᠳᠪᠦᠷᠢᠯᠡᠬᠦ᠂ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ᠂ | ᠲᠥᠯᠥᠪᠦᠷᠢ ᠶᠢ ᠡᠶᠡᠳᠡᠭᠦᠯᠬᠦ ᠠᠴᠠ ᠬᠡᠷᠡᠭ ᠤᠨ ᠡᠪᠬᠡᠮᠡᠯ ᠵᠣᠬᠢᠶᠠᠬᠤ ᠬᠦᠷᠲᠡᠯᠡᠬᠢ ᠪᠥᠬᠦ ᠶᠠᠪᠤᠴᠠ ᠶᠢ ᠳᠡᠯᠭᠡᠨ | ᠦᠵᠡᠭᠦᠯᠵᠦ᠂ ᠨᠡᠯᠢᠶᠡᠳ ᠴᠢᠩᠭ᠎ᠠ ᠰᠡᠷᠡᠮᠵᠢᠯᠡᠭᠦᠯᠬᠦ ᠬᠥᠮᠦᠵᠢᠯ ᠪᠠ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠲᠠᠢ | ᠶᠤᠮ᠃ | ᠲᠤᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠣᠬᠢᠰᠲᠠᠢ ᠵᠢᠯᠤᠭᠤᠳᠴᠤ᠂ ᠨᠢᠭᠲᠠ | ᠬᠠᠮᠵᠢᠯᠴᠠᠵᠤ᠂ ᠵᠢᠱᠢᠭᠰᠡᠨ ᠦᠷ᠎ᠡ ᠳ᠋ᠦᠩ ᠳᠡᠭᠡᠨ ᠬᠦᠷᠪᠡ᠃ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠶᠢ | ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠪᠡ᠃ | | | | |