ᠢᠨᠢᠶᠡᠳᠦ ᠪᠢᠯᠬᠠᠭᠰᠠᠨ ᠡᠯᠪᠡᠭ ᠬᠤᠷᠢᠶᠠᠯᠲᠠ ᠶᠢᠨ ᠨᠠᠶᠢᠷ ᠰᠢᠨᠳᠠᠰᠤ ᠰᠣᠷᠢᠭᠰᠠᠨ ᠮᠠᠯᠴᠢᠨ ᠲᠠᠷᠢᠶᠠᠴᠢᠳ  ᠤᠨ ᠲᠠᠮᠢᠷ ᠤᠨ ᠴᠤᠭᠯᠠᠭᠠᠨ
ᠨᠡᠶᠢᠲᠡᠯᠡᠭᠰᠡᠨ ᠴᠠᠭ᠄
2023/9/18
      ᠣᠶᠢᠷ᠎ᠠ ᠳᠤ᠂ ᠣᠷᠳᠣᠰ ᠬᠤᠳᠠ ᠶᠢᠨ ᠮᠠᠯᠴᠢᠨ ᠲᠠᠷᠢᠶᠠᠴᠢᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ  ᠤᠨ ᠴᠤᠭᠯᠠᠭᠠᠨ·ᠤᠳᠤᠭ ᠤᠨ ᠡᠮᠦᠨᠡᠲᠦ ᠬᠤᠰᠢᠭᠤᠨ ᠤ 2023 ᠣᠨ ᠤ ᠳᠤᠮᠳᠠᠳᠤ ᠤᠯᠤᠰ ᠤᠨ ᠮᠠᠯᠴᠢᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠨᠠᠶᠢᠷ ᠵᠢᠴᠢ ᠨᠠᠭᠠᠳᠤᠮ ᠤᠨ ᠬᠤᠷᠠᠯ ᠤᠳᠤᠭ ᠤᠨ ᠡᠮᠦᠨᠡᠲᠦ ᠬᠤᠰᠢᠭᠤᠨ ᠤ ᠮᠣᠷᠢᠨ ᠤᠷᠤᠯᠳᠤᠭᠠᠨ ᠤ ᠳᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃      ᠳᠤᠰ ᠤᠳᠠᠭᠠᠨ ᠤ ᠠᠵᠢᠯᠯᠠᠭ᠎ᠠ ᠳᠤ᠂ ᠳᠡᠭᠡᠰᠦ ᠲᠠᠲᠠᠬᠤ᠂ ᠤᠰᠤ ᠳᠠᠮᠨᠠᠵᠤ ᠬᠦᠴᠦ ᠵᠠᠯᠭᠠᠬᠤ᠂ ᠴᠢᠬᠢ ᠰᠠᠭᠤᠯᠭᠠᠬᠤ᠂ ᠯᠠᠵᠤᠤ ᠶᠢ ᠤᠭᠰᠠᠷᠠᠭᠤᠯᠤᠨ ᠬᠤᠯᠪᠣᠬᠤ᠂ ᠲᠠᠷᠪᠤᠰ ᠵᠥᠭᠡᠭᠡᠬᠦ ᠵᠡᠷᠭᠡ ᠮᠠᠯᠴᠢᠨ ᠲᠠᠷᠢᠶᠠᠴᠢᠳ ᠤᠨ ᠰᠣᠨᠢᠷᠬᠠᠯᠳᠤ ᠨᠠᠭᠠᠳᠤᠮ ᠵᠢᠴᠢ ᠤᠷᠠᠨ ᠰᠠᠶᠢᠬᠠᠨ ᠤ ᠳᠤᠬᠯᠠᠯᠳᠠ᠂ ᠡᠷ᠎ᠡ ᠶᠢᠨ ᠭᠤᠷᠪᠠᠨ ᠨᠠᠭᠠᠳᠤᠮ᠂ ᠮᠣᠩᠭᠤᠯ ᠰᠢᠲᠠᠷ᠎ᠠ ᠶᠢᠨ ᠤᠷᠤᠯᠳᠤᠭᠠᠨ ᠵᠡᠷᠭᠡ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠢ ᠥᠷᠨᠢᠭᠦᠯᠦᠭᠰᠡᠨ ᠪᠥᠭᠡᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠭᠡ᠂ ᠣᠨᠴᠠᠯᠢᠭᠲᠤ ᠠᠮᠲᠠᠲᠤ ᠢᠳᠡᠭᠡᠨ ᠤ ᠳᠡᠯᠭᠡᠨ ᠦᠵᠡᠭᠦᠯᠭᠡ᠂ ᠲᠠᠷᠢᠶᠠᠯᠠᠩ ᠤᠨ ᠮᠠᠰᠢᠨ ᠤ ᠳᠡᠯᠭᠡᠨ ᠦᠵᠡᠭᠦᠯᠭᠡ᠂ ᠲᠥᠮᠥᠰᠥ ᠲᠠᠷᠪᠤᠰ ᠯᠠᠵᠤᠤ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠷᠠᠭᠤᠯᠬᠤ ᠤᠷᠤᠯᠳᠤᠭᠠᠨ᠂ ᠰᠠᠶᠢᠨ ᠡᠭᠦᠯᠳᠡᠷ ᠤᠨ ᠤᠬᠤᠨ᠎ᠠ ᠰᠢᠯᠭᠠᠷᠠᠭᠤᠯᠬᠤ ᠤᠷᠤᠯᠳᠤᠭᠠᠨ ᠵᠡᠷᠭᠡ ᠪᠠᠶᠠᠯᠢᠭ ᠠᠭᠤᠯᠭ᠎ᠠ ᠲᠠᠢ ᠥᠪᠡᠷᠮᠢᠴᠡ ᠭᠡᠯᠪᠡᠷᠢ ᠪᠠᠷ ᠡᠯᠪᠡᠭ ᠬᠤᠷᠢᠶᠠᠯᠲᠠ  ᠪᠠᠨ ᠪᠡᠯᠭᠡᠯᠡᠭᠰᠡᠨ ᠪᠠᠶᠢᠨ᠎ᠠ᠃      ᠳᠤᠰ ᠤᠳᠠᠭᠠᠨ ᠤ ᠠᠵᠢᠯᠯᠠᠭ᠎ᠠ ᠨᠢ ᠨᠢᠩᠰᠢᠶᠠ᠂ ᠱᠠᠨᠰᠢ᠂ ᠭᠠᠨᠰᠤ ᠵᠡᠷᠭᠡ ᠮᠤᠵᠢ ᠣᠷᠣᠨ ᠤ ᠮᠠᠯᠴᠢᠨ ᠲᠠᠷᠢᠶᠠᠴᠢᠳ ᠪᠣᠯᠣᠨ ᠵᠢᠭᠤᠯᠴᠢᠯᠠᠬᠰᠠᠳ ᠢ ᠶᠡᠭᠡ ᠪᠠᠷ ᠤᠷᠢᠨ ᠠᠪᠴᠢᠷᠠᠵᠤ᠂ ᠬᠥᠷᠰᠢ ᠵᠡᠷᠭᠡᠯᠡᠳᠡᠭᠡ ᠣᠷᠣᠨ ᠤ ᠦᠨᠳᠦᠰᠦᠲᠡᠨ ᠤ ᠠᠷᠠᠳ ᠲᠦᠮᠡᠨ ᠯᠦᠭᠡ ᠶᠢᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠲᠦᠷᠪᠡᠨ ᠮᠤᠵᠢ ᠣᠷᠣᠨ ᠤ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢ ᠠᠬᠢᠭᠤᠯᠤᠨ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号