| | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ | ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ | ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ 9 | ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠢᠯᠢ ᠶᠢᠨ ᠭᠤᠣᠯ ᠠᠶᠢᠮᠠᠭ ᠲᠤ ᠬᠤᠯᠠᠨ | ᠰᠢᠷᠭ᠎ᠠ ᠲᠠᠭ᠎ᠠ ᠶᠢᠨ ᠬᠠᠰᠢᠶᠠᠯᠠᠨ ᠲᠡᠵᠢᠭᠡᠬᠦ ᠠᠵᠢᠯᠯᠠᠭ᠎ᠠ ᠵᠢᠴᠢ ᠪᠥᠬᠦ ᠣᠷᠣᠨ ᠤ ᠲᠠᠯ᠎ᠠ ᠨᠤᠲᠤᠭ ᠤᠨ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠲᠤᠬᠠᠢ ᠶᠢᠨ | ᠲᠠᠯᠠᠪᠤᠷ ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠨ | ᠭᠦᠸᠧ ᠴᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠢ | ᠡᠷᠬᠢᠯᠡᠨ ᠶᠠᠷᠢᠶ᠎ᠠ ᠲᠠᠯᠪᠢᠵᠠᠢ ᠃ | | | | | ᠬᠤᠷᠠᠯ ᠤᠨ ᠲᠥᠯᠥᠭᠡᠯᠡᠭᠴᠢᠳ ᠤᠷᠢᠳ ᠬᠤᠵᠢᠳ ᠰᠢᠯᠤᠭᠤᠨ ᠬᠥᠬᠡ ᠬᠤᠰᠢᠭᠤᠨ ᠤ ᠭᠡᠷ ᠪᠦᠯᠢ ᠶᠢᠨ | ᠮᠠᠯᠵᠢᠯ ᠤᠨ ᠲᠠᠯᠠᠪᠠᠢ ᠂ ᠬᠤᠷᠰᠢᠶ᠎ᠠ ᠂ ᠡᠪᠡᠰᠦ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠪᠣᠯᠣᠨ | ᠵᠤᠭᠠᠴᠠᠭᠰᠠᠳ ᠤᠨ ᠲᠥᠪ ᠂ ᠲᠤᠯᠤᠨ ᠨᠠᠭᠤᠷ ᠰᠢᠶᠠᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ | ᠲᠣᠭᠤᠷᠢᠭ ᠂ ᠨᠤᠲᠤᠭ ᠤᠨ ᠣᠨᠴᠠ ᠭᠠᠷᠤᠯᠲᠠ ᠶᠢ ᠲᠠᠮᠵᠢᠭᠤᠯᠤᠨ ᠰᠢᠯᠵᠢᠭᠦᠯᠬᠦ ᠬᠥᠮᠥᠷᠭᠡ ᠪᠣᠯᠣᠨ ᠠᠷᠠᠳ ᠤᠨ | ᠰᠠᠭᠤᠴᠠ ᠶᠢᠨ ᠵᠢᠵᠢᠭ ᠪᠠᠯᠭᠠᠰᠤ ᠵᠡᠷᠭᠡ ᠨᠡᠶᠢᠲᠡᠯᠢᠭ ᠵᠢᠱᠢᠶ᠎ᠡ ᠶᠢ ᠲᠣᠭᠤᠷᠢᠨ ᠦᠵᠡᠪᠡ ᠃ ᠬᠤᠷᠠᠯ ᠳᠡᠭᠡᠷ᠎ᠡ ᠂ | ᠰᠢᠯᠢ ᠶᠢᠨ ᠭᠤᠣᠯ ᠠᠶᠢᠮᠠᠭ ᠂ ᠲᠦᠩᠯᠢᠶᠣᠣ ᠬᠤᠳᠠ ᠂ ᠪᠠᠶᠠᠨᠨᠠᠭᠤᠷ ᠬᠤᠳᠠ ᠪᠣᠯᠣᠨ ᠲᠤᠯᠤᠨ ᠨᠠᠭᠤᠷ ᠰᠢᠶᠠᠨ ᠂ | ᠰᠢᠯᠤᠭᠤᠨ ᠬᠥᠬᠡ ᠬᠤᠰᠢᠭᠤ ᠰᠣᠯᠢᠯᠴᠠᠭᠠᠨ ᠤ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠹᠧᠩ ᠲᠤᠰᠬᠠᠢ ᠰᠡᠳᠦᠪᠲᠦ | ᠲᠠᠶᠢᠯᠤᠮᠵᠢ ᠬᠢᠵᠡᠢ ᠃ | | | | | ᠬᠤᠷᠠᠯ ᠠᠴᠠ ᠂ ᠲᠠᠯ᠎ᠠ ᠨᠤᠲᠤᠭ ᠪᠣᠯ ᠠᠮᠢ ᠠᠬᠤᠢ ᠂ ᠦᠢᠯᠡᠳᠪᠦᠷᠢᠯᠡᠯ ᠂ ᠠᠮᠢᠳᠤᠷᠠᠯ ᠤᠨ ᠭᠤᠷᠪᠠᠨ ᠶᠡᠭᠡ | ᠴᠢᠳᠠᠪᠬᠢ ᠶᠢ ᠠᠴᠢᠶᠠᠯᠠᠵᠤ ᠪᠠᠶᠢᠳᠠᠭ ᠂ ᠡᠨᠡᠬᠦ ᠭᠤᠷᠪᠠᠨ ᠶᠡᠭᠡ ᠴᠢᠳᠠᠪᠬᠢ ᠳᠠᠬᠢ ᠦᠢᠯᠡᠳᠪᠦᠷᠢᠯᠡᠯ ᠪᠠ ᠠᠮᠢᠳᠤᠷᠠᠯ ᠪᠣᠯ | ᠮᠠᠯ ᠠᠵᠤ ᠠᠬᠤᠢ ᠳᠤ ᠦᠢᠯᠡᠴᠢᠯᠡᠳᠡᠭ ᠶᠤᠮ ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ᠂ ᠲᠠᠯ᠎ᠠ ᠨᠤᠲᠤᠭ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ | ᠲᠠᠨᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ | ᠪᠠᠷᠢᠮᠲᠠᠯᠠᠨ᠂ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠬᠢᠭᠡᠳ ᠮᠠᠯ ᠠᠵᠤ ᠠᠬᠤᠢ ᠶᠢᠨ ᠬᠥᠭᠵᠢᠯᠲᠡ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠠᠮᠢ | ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ ᠭᠠᠷᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | | | | | ᠬᠤᠷᠠᠯ ᠠᠴᠠ ᠂ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠭᠤᠣᠯ ᠵᠥᠷᠢᠴᠡᠯ ᠪᠣᠯᠣᠨ ᠵᠠᠩᠭᠢᠯᠠᠭ᠎ᠠ ᠶᠢᠨ ᠠᠰᠠᠭᠤᠳᠠᠯ ᠢ ᠠᠳᠬᠤᠵᠤ ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠂ ᠱᠠᠯᠠᠪᠳᠠᠨ ᠲᠥᠯᠥᠪᠵᠢᠭᠦᠯᠵᠦ ᠂ ᠪᠡᠯᠴᠢᠭᠡᠷ ᠂ ᠮᠠᠯ ᠂ ᠬᠥᠮᠥᠨ ᠂ ᠮᠠᠯ ᠠᠵᠤ ᠠᠬᠤᠢ ᠶᠢᠨ | ᠮᠠᠰᠢᠨ ᠲᠣᠨᠣᠭᠯᠠᠯ ᠂ ᠬᠡᠪᠴᠢᠶᠡᠵᠢᠭᠰᠡᠨ ᠡᠵᠡᠩᠨᠡᠯᠲᠡ ᠂ ᠠᠵᠤ ᠦᠢᠯᠡᠰᠵᠢᠭᠰᠡᠨ ᠬᠥᠭᠵᠢᠯᠲᠡ ᠵᠡᠷᠭᠡ ᠵᠢᠷᠭᠤᠭᠠᠨ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠲᠠᠯ᠎ᠠ | ᠨᠤᠲᠤᠭ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠦᠨᠡᠨᠬᠦ ᠬᠤᠪᠢᠷᠠᠭᠤᠯᠬᠤ ᠬᠡᠷᠡᠭᠲᠡᠢ ᠃ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠲᠠᠯ᠎ᠠ ᠨᠤᠲᠤᠭ ᠢ ᠵᠦᠢ ᠵᠣᠬᠢᠰᠲᠠᠢ ᠠᠰᠢᠭᠯᠠᠨ᠂ ᠠᠯᠢᠰᠤ ᠵᠡᠷᠭᠡ ᠴᠢᠨᠠᠷ | ᠰᠠᠶᠢᠲᠠᠢ ᠲᠡᠵᠢᠭᠡᠯ ᠡᠪᠡᠰᠦ ᠪᠣᠷᠳᠤᠭ᠎ᠠ ᠳᠠᠷᠢᠬᠤ ᠶᠢ ᠬᠥᠭᠵᠢᠭᠦᠯᠵᠦ᠂ ᠨᠠᠶᠢᠯᠵᠠᠭᠤᠷ ᠬᠠᠷᠭᠠᠨ᠎ᠠ ᠡᠪᠡᠰᠦ᠂ ᠡᠰᠢ | ᠰᠦᠷᠡᠯ ᠢ ᠪᠣᠷᠳᠤᠭ᠎ᠠ ᠪᠣᠯᠭᠠᠨ ᠠᠰᠢᠭᠯᠠᠬᠤ ᠶᠢ ᠲᠦᠯᠬᠢᠨ ᠠᠬᠢᠭᠤᠯᠵᠤ᠂ ᠡᠪᠡᠰᠦᠨ ᠤ ᠦᠢᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠡᠵᠢᠭᠡᠯ ᠡᠪᠡᠰᠦ ᠪᠣᠷᠳᠤᠭ᠎ᠠ ᠶᠢ | ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠣᠲᠣ ᠦᠶ᠎ᠡ ᠶᠢᠨ | ᠲᠦᠭᠦᠭᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠨᠢᠭᠡ ᠪᠦᠯᠦᠭ ᠥᠨᠳᠥᠷ ᠪᠠᠷᠢᠮᠵᠢᠶᠠᠲᠤ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠬᠤ ᠬᠡᠷᠡᠭᠲᠡᠢ ᠃ ᠬᠤᠶᠠᠷ ᠭᠤᠷᠪᠠᠳᠤᠭᠠᠷ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠪᠠᠷ | ᠳᠠᠮᠵᠢᠭᠤᠯᠤᠨ ᠂ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠢ ᠬᠡᠷᠡᠭᠵᠢᠭᠦᠯᠦᠨ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ ᠂ ᠮᠠᠯᠴᠢᠳ ᠤᠨ ᠤᠯᠠᠨ ᠠᠷᠭ᠎ᠠ ᠵᠠᠮ ᠢᠶᠠᠷ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ ᠂ ᠦᠢᠯᠡᠳᠪᠦᠷᠢᠯᠡᠯ ᠪᠣᠯᠣᠨ ᠠᠵᠢᠯ ᠲᠦᠷᠤᠯ ᠢᠶᠠᠨ ᠬᠤᠪᠢᠷᠠᠭᠤᠯᠬᠤ ᠶᠢ | ᠪᠡᠶᠡᠯᠡᠬᠦᠯᠬᠦ ᠬᠡᠷᠡᠭᠲᠡᠢ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ ᠂ ᠮᠠᠯ ᠠᠵᠤ ᠠᠬᠤᠢ ᠶᠢᠨ ᠮᠠᠰᠢᠨ ᠤ | ᠣᠳᠣᠬᠢᠴᠢᠯᠠᠭᠰᠠᠨ ᠲᠤᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠲᠡᠢ᠃ | ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ᠂ ᠡᠷᠦᠬᠡ ᠬᠤᠯᠪᠣᠭᠠᠯᠠᠭᠰᠠᠨ ᠮᠠᠯᠵᠢᠯ ᠤᠨ ᠲᠠᠯᠠᠪᠠᠶ᠂ | ᠬᠤᠷᠰᠢᠶ᠎ᠠ ᠶᠢ ᠶᠡᠬᠡᠪᠡᠷ ᠬᠥᠭᠵᠢᠭᠦᠯᠵᠦ᠂ ᠣᠶᠤᠨᠴᠢ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠵᠤ᠂ ᠮᠠᠯ ᠠᠵᠤ | ᠠᠬᠤᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠬᠤ ᠬᠡᠷᠡᠭᠲᠡᠢ ᠃ ᠮᠠᠯ ᠠᠵᠤ ᠠᠬᠤᠢ ᠶᠢᠨ ᠪᠦᠲᠦᠴᠡ ᠶᠢ | ᠲᠣᠬᠢᠷᠠᠭᠤᠯᠬᠤ ᠪᠠ ᠰᠠᠶᠢᠨ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠨᠢᠭᠡ ᠪᠦᠯᠦᠭ | ᠦᠢᠯᠡᠳᠪᠦᠷᠢᠯᠡᠵᠦ ᠪᠣᠯᠪᠠᠰᠤᠷᠠᠭᠤᠯᠤᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠠᠵᠤ | ᠦᠢᠯᠡᠰ ᠤᠨ ᠬᠦᠷᠢᠶᠡᠯᠡᠩ ᠪᠠ ᠠᠯᠠᠰᠢᠨ ᠦᠬᠡᠷ᠂ ᠠᠯᠠᠰᠢᠨ ᠬᠤᠨᠢ᠂ ᠴᠠᠭᠠᠨ ᠢᠳᠡᠭᠡ ᠵᠡᠷᠭᠡ ᠣᠨᠴᠠᠯᠢᠭᠲᠤ ᠵᠢᠵᠢᠭ | ᠪᠠᠯᠭᠠᠰᠤ ᠶᠢ ᠪᠦᠲᠦᠭᠡᠨ ᠪᠠᠶᠢᠭᠤᠯᠵᠤ᠂ ᠮᠠᠯ ᠠᠵᠤ ᠠᠬᠤᠢ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠢ | ᠠᠬᠢᠭᠤᠯᠤᠨ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠲᠠᠯ᠎ᠠ | ᠨᠤᠲᠤᠭ ᠤᠨ ᠠᠯᠠᠰᠢᠨ ᠦᠬᠡᠷ ᠠᠯᠠᠰᠢᠨ ᠬᠤᠨᠢᠨ ᠤ ᠨᠠᠷᠠᠲᠤ ᠲᠥᠷᠥᠯ ᠲᠡᠮᠳᠡᠭᠲᠦ ᠶᠢ ᠭᠡᠷᠡᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | | | | | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ | ᠰᠢᠯᠢ ᠶᠢᠨ ᠭᠤᠣᠯ ᠠᠶᠢᠮᠠᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ | ᠠᠯᠪᠠᠨ ᠭᠡᠷ ᠂ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | |