ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ ᠮᠡᠲᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠮᠥᠷᠥᠶᠢᠴᠡᠭᠡᠨ ᠵᠢᠴᠢ ᠵᠠᠯᠠᠭᠤ ᠺᠠᠳ᠋ᠷᠴᠤᠳ ᠶᠠᠷᠢᠶᠠᠨ ᠤ ᠲᠠᠪᠴᠠᠩ ᠳᠤ ᠭᠠᠷᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/19
      9 ᠰᠠᠷ᠎ᠠ ᠶᠢᠨ 15  ᠤ ᠦᠳᠡ ᠶᠢᠨ ᠡᠮᠦᠨ᠎ᠡ ᠂ ᠠᠮᠢ ᠠᠬᠤᠢ ᠶᠢᠨ ᠡᠬᠢ ᠪᠠᠶᠠᠯᠢᠭ ᠤᠨ ᠲᠥᠪ ᠤᠨ ᠬᠢᠨ ᠪᠦᠬᠦ ᠬᠥᠮᠥᠰ ᠢ ᠵᠣᠬᠢᠶᠠᠨ ᠪᠠᠶᠢᠭᠤᠯᠵᠤ ᠵᠠᠯᠠᠭᠤ ᠺᠠᠳ᠋ᠷᠴᠤᠳ ᠶᠠᠷᠢᠶᠠᠨ ᠤ ᠲᠠᠪᠴᠠᠩ ᠳᠤ ᠭᠠᠷᠬᠤ ᠵᠢᠴᠢ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ ᠮᠡᠲᠦ  ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠮᠥᠷᠥᠶᠢᠴᠡᠭᠡᠨ ᠤ ᠠᠵᠢᠯᠯᠠᠭ᠎ᠠ ᠥᠷᠨᠢᠭᠦᠯᠪᠡ ᠃ ᠸᠠᠩ ᠶᠤᠸᠠᠢ ᠹᠧᠢ ᠡᠷᠬᠢᠯᠡᠭᠴᠢ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠠᠵᠢᠯᠲᠠᠨ ᠠᠵᠢᠯᠴᠢᠨ ᠤ ᠠᠮᠢᠵᠢᠷᠠᠯ ᠤᠨ ᠬᠦᠴᠦᠨ ᠢ ᠢᠯᠡᠷᠡᠭᠦᠯᠬᠦ ᠶᠢᠨ ᠲᠦᠯᠦᠭᠡ᠂ ᠵᠠᠯᠠᠭᠤ ᠺᠠᠳ᠋ᠷᠴᠤᠳ ᠢ ᠬᠦᠴᠦᠯᠡᠨ ᠬᠥᠮᠥᠵᠢᠭᠦᠯᠦᠨ ᠪᠣᠯᠪᠠᠰᠤᠷᠠᠭᠤᠯᠵᠤ ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠪᠣᠯᠬᠤ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠶᠡᠭᠡ ᠪᠠᠷ ᠮᠥᠷᠥᠶᠢᠴᠡᠬᠦ ᠵᠢᠴᠢ ᠵᠠᠯᠠᠭᠤ ᠺᠠᠳ᠋ᠷᠴᠤᠳ ᠶᠠᠷᠢᠶᠠᠨ ᠤ ᠲᠠᠪᠴᠠᠩ ᠳᠤ ᠭᠠᠷᠬᠤ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠥᠷᠨᠢᠭᠦᠯᠵᠦ ᠂ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠯ᠎ᠡ ᠵᠦᠢᠯ ᠤᠨ ᠠᠵᠢᠯ ᠤᠨ ᠯᠠᠪᠳᠠᠭᠤᠨ ᠢᠶᠠᠷ ᠥᠷᠨᠢᠬᠦ ᠶᠢ ᠠᠬᠢᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤ ᠺᠠᠳ᠋ᠷᠴᠤᠳ ᠢ  ᠬᠥᠮᠥᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠤᠯᠠᠨ ᠤᠳᠠᠭ᠎ᠠ ᠱᠠᠭᠠᠷᠳᠠᠯᠭ᠎ᠠ ᠳᠤᠷᠠᠳᠴᠤ ᠂ ᠪᠠᠶᠢᠷᠢᠯᠠᠭᠤᠯᠤᠯᠲᠠ ᠬᠢᠵᠡᠢ ᠃ ᠶᠡᠷᠦᠩᠬᠡᠢ ᠱᠦᠵᠢ ᠰᠢ ᠶᠢᠨ ᠫᠢᠩ ᠂ ᠵᠠᠯᠠᠭᠤ ᠺᠠᠳ᠋ᠷ ᠪᠣᠯ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ ᠮᠥᠨ ᠂ ᠡᠷᠬᠡᠪᠰᠢ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ ᠂ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ ᠃ ᠢᠲᠡᠭᠡᠯ ᠵᠣᠷᠢᠭ ᠡᠷᠡᠰ ᠪᠠᠲᠤ ᠂ ᠨᠠᠮ ᠳᠠᠭᠠᠨ ᠦᠨᠡᠨᠴᠢ ᠰᠢᠳᠤᠷᠭᠤ ᠂ ᠪᠣᠳᠠᠲᠠᠢ ᠶᠢ ᠴᠢᠬᠤᠯᠠᠴᠢᠯᠠᠬᠤ ᠂ ᠦᠨᠡᠨ ᠠᠴᠠ ᠵᠥᠪ ᠢ ᠡᠷᠢᠬᠦ ᠂ ᠰᠢᠮᠳᠠᠨ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠬᠤ ᠶᠢ ᠪᠡᠶᠡᠯᠡᠭᠦᠯᠵᠦ ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ ᠂ ᠶᠡᠭᠡ ᠦᠢᠯᠡᠳᠦᠯ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃      ᠵᠠᠯᠠᠭᠤ ᠺᠠᠳ᠋ᠷᠴᠤᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠥᠪᠡᠷ ᠤᠨ ᠠᠪᠢᠶᠠᠰ ᠴᠢᠳᠠᠪᠤᠷᠢ ᠪᠠᠨ ᠭᠦᠢᠴᠡᠳ ᠢᠯᠡᠷᠡᠭᠦᠯᠵᠦ ᠂ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠳᠤᠰ ᠰᠠᠯᠠᠭ᠎ᠠ ᠲᠠᠰᠤᠭ ᠤᠨ  ᠢᠶᠠᠨ ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠪᠤᠰᠤᠳ ᠨᠥᠬᠦᠳ ᠲᠤ ᠤᠯᠠᠮᠵᠢᠯᠠᠵᠤ ᠂ ᠬᠠᠷᠢᠯᠴᠠᠨ ᠰᠤᠷᠤᠯᠴᠠᠵᠤ ᠂ ᠬᠠᠮᠲᠤ ᠪᠠᠷ ᠲᠠᠪᠰᠢᠬᠤ ᠶᠢᠨ ᠬᠠᠮᠲᠤ ᠵᠠᠯᠠᠭᠤ ᠺᠠᠳ᠋ᠷᠴᠤᠳ ᠤᠨ ᠶᠠᠷᠢᠶᠠᠨ ᠤ ᠲᠠᠪᠴᠠᠩ ᠳᠤ ᠭᠠᠷᠬᠤ ᠶᠠᠪᠤᠳᠠᠯ ᠳᠤ ᠲᠦᠰᠢᠭᠯᠡᠨ ᠂ ᠰᠡᠳᠬᠢᠨ ᠰᠤᠷᠤᠯᠴᠠᠵᠤ ᠂ ᠣᠯᠣᠯᠲᠠ ᠲᠠᠢ ᠰᠤᠷᠤᠯᠴᠠᠬᠤ ᠬᠡᠷᠡᠭᠲᠡᠢ ᠭᠡᠵᠦ ᠬᠤᠷᠠᠯ ᠠᠴᠠ ᠲᠣᠳᠣᠷᠬᠠᠶᠢᠯᠠᠪᠠ ᠃
 图片1.png
     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号