2023 ᠣᠨ ᠤ 9 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ | ᠠᠯᠪᠠᠨ ᠭᠡᠷ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠶ᠎ᠠ︾ ᠭᠡᠬᠦ ᠭᠤᠣᠯ ᠰᠡᠳᠦᠪᠲᠦ ᠰᠢᠷᠢᠰ | ᠰᠣᠨᠢᠨ ᠮᠡᠳᠡᠭᠡ ᠨᠡᠶᠢᠲᠡᠯᠡᠬᠦ ᠬᠤᠷᠠᠯ ︵24 ᠳ᠋ᠤᠭᠡᠷ ᠲᠠᠯᠠᠪᠤᠷ ︱ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠤᠰᠬᠠᠢ ᠲᠠᠯᠠᠪᠤᠷ︶ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠸᠧᠨ ᠡᠾᠦ᠋ᠢ ᠭᠤᠣᠯ | ᠰᠡᠳᠦᠪᠲᠦ ᠨᠡᠶᠢᠲᠡᠯᠡᠯ ᠬᠢᠵᠦ᠂ ᠬᠤᠯᠪᠣᠭᠳᠠᠯ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ︽ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ | ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ | ᠰᠣᠨᠢᠨ ᠮᠡᠳᠡᠭᠡ ᠨᠡᠶᠢᠲᠡᠯᠡᠬᠦ ᠦᠭᠡ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ | ᠳᠠᠷᠤᠭ᠎ᠠ ᠵᠠᠩ ᠸᠧᠨ ᠡᠾᠦ᠋ᠢ | ᠵᠠᠭᠤᠴᠢᠯᠠᠭᠤᠷ ᠤᠨ ᠨᠠᠶᠢᠵᠠ ᠨᠠᠷ᠄ | ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ | ᠥᠨᠥᠳᠥᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ | ᠪᠠᠶᠢᠨ᠎ᠠ ᠃ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢ ᠲᠥᠯᠥᠭᠡᠯᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠰᠣᠨᠢᠨ ᠮᠡᠳᠡᠭᠡᠨ ᠤ | ᠵᠠᠭᠤᠴᠢᠯᠠᠭᠤᠷ ᠤᠨ ᠨᠠᠶᠢᠵᠠ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ ︕ ᠣᠷᠳᠣ | ᠬᠤᠭᠤᠴᠠᠭᠠᠨ ᠤ ᠲᠤᠷᠰᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠡᠨᠡ ᠵᠢᠯ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ | ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠥᠷᠨᠢᠭᠦᠯᠦᠭᠰᠡᠨ ᠭᠤᠣᠯ ᠰᠡᠳᠦᠪᠲᠦ ᠬᠥᠮᠦᠵᠢᠯ ᠲᠠᠢ | ᠤᠶᠠᠯᠳᠤᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠣᠯᠣᠨ | ᠣᠯᠠᠨ ᠲᠦᠮᠡᠨ ᠤ ᠲᠤᠰ ᠪᠡᠶ᠎ᠡ ᠶᠢᠨ ᠬᠡᠷᠡᠭᠴᠡᠭᠡ ᠳᠤ ᠭᠤᠣᠯᠳᠠᠯᠭ᠎ᠠ ᠪᠠᠨ ᠲᠥᠪᠯᠡᠷᠡᠭᠦᠯᠵᠦ᠂ ︽ᠠᠷᠠᠳ ᠤᠨ | ᠰᠠᠨᠠᠭ᠎ᠠ ᠶᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠪᠡᠷᠬᠡ ᠠᠰᠠᠭᠤᠳᠠᠯ᠂ ᠬᠦᠴᠢᠷ ᠠᠰᠠᠭᠤᠳᠠᠯ᠂ | ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠣᠯᠠᠨ ᠲᠦᠮᠡᠨ ᠤ | ᠰᠡᠳᠬᠢᠯ ᠳᠤ ᠨᠡᠶᠢᠴᠡᠭᠦᠯᠬᠦ ᠪᠠᠷ ᠴᠢᠷᠮᠠᠶᠢᠵᠤ᠂ ︽ᠦᠢᠯᠡᠴᠢᠯᠡᠬᠦ ᠳᠤ ᠬᠠᠯᠠᠭᠤᠨ ᠳᠤᠯᠠᠭᠠᠨ᠂ ᠠᠵᠢᠯ ᠶᠠᠪᠤᠳᠠᠯ | ᠭᠦᠢᠴᠡᠳᠬᠡᠬᠦ ᠳᠤ ᠬᠤᠷᠳᠤᠴᠠ ᠲᠠᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ | ᠮᠠᠨ ᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠪᠠ ᠃ | ᠨᠢᠭᠡ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ ︾ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠦᠢᠯᠡᠴᠢᠯᠡᠭᠡ ᠶᠢ ᠨᠠᠩ ᠥᠨᠳᠥᠷ ᠦᠷ᠎ᠡ ᠪᠦᠲᠦᠮᠵᠢ ᠲᠠᠢ ᠪᠣᠯᠭᠠᠪᠠ | ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠷᠢᠯᠢᠭᠵᠢᠭᠤᠯᠬᠤ᠂ | ᠮᠥᠬᠦᠯᠢᠭᠵᠢᠭᠦᠯᠬᠦ᠂ ᠠᠬᠤᠢ ᠪᠠᠶᠢᠳᠠᠯᠵᠢᠭᠤᠯᠤᠨ ᠡᠮᠬᠢᠯᠡᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ 60 ᠲᠦᠮᠡᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶᠡᠨ ᠳᠤ ᠣᠷᠣᠭᠤᠯᠪᠠᠯ᠂ ᠨᠡᠶᠢᠳᠡᠮ ᠭᠦᠢᠴᠡᠳᠬᠡᠵᠦ ᠪᠣᠯᠬᠤ︾ ᠶᠢ | ᠪᠡᠶᠡᠯᠡᠭᠦᠯᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠬᠡᠵᠦ ᠪᠣᠯᠬᠤ ᠨᠣᠷᠮ᠎ᠠ ᠶᠢ 98% ᠳᠤ ᠬᠦᠷᠦᠭᠦᠯᠵᠦ᠂ ᠳᠡᠮᠵᠢᠬᠦ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ | ᠭᠦᠢᠴᠡᠳᠬᠡᠬᠦ ᠨᠣᠷᠮ᠎ᠠ 85% ᠠᠴᠠ ᠲᠡᠭᠡᠭᠰᠢ ᠳᠤ ᠬᠦᠷᠪᠡ ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 81 ᠵᠦᠢᠯᠡᠰ ᠢ ᠢᠯᠭᠠᠷᠠᠭᠤᠯᠤᠨ ᠵᠢᠷᠤᠮᠵᠢᠭᠤᠯᠵᠤ᠂ | ᠣᠯᠠᠨ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠰᠦᠢᠳᠬᠡᠯ ᠲᠤᠰᠢᠶᠠᠬᠤ | ᠴᠢᠬᠤᠯᠠᠲᠠᠢ ᠭᠤᠷᠪᠠᠳᠤᠭᠠᠷ ᠡᠲᠡᠭᠡᠳ ᠠᠴᠠ ᠭᠠᠷᠭᠠᠵᠤ ᠥᠭᠬᠦ ᠭᠡᠷᠡᠴᠢ ᠮᠠᠲ᠋ᠧᠷᠢᠶᠠᠯ ᠢ ᠪᠠᠭᠠᠰᠬᠠᠪᠠ︔ ᠢᠯᠠᠩᠭᠤᠶ᠎ᠠ | ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠬᠢᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠡᠷᠬᠡ ᠶᠢᠨ ᠵᠦᠢᠯᠡᠰ ᠤᠨ 72 ᠵᠦᠢᠯ ᠢ ᠬᠦᠴᠦᠨ ᠦᠭᠡᠢ ᠪᠣᠯᠭᠠᠵᠤ᠂ 679 ᠵᠦᠢᠯ ᠢ ᠳᠣᠷᠣᠭᠰᠢ ᠪᠠᠭᠤᠯᠭᠠᠨ᠂ | ᠬᠡᠷᠡᠭ ᠭᠦᠢᠴᠡᠳᠬᠡᠬᠦ ᠴᠠᠭ ᠤᠨ ᠬᠢᠵᠠᠭᠠᠷ ᠢ 49.4%᠂ ᠭᠤᠭᠴᠤᠭ᠎ᠠ ᠶᠢ 20.8%᠂ ᠮᠠᠲ᠋ᠧᠷᠢᠶᠠᠯ ᠢ 26.5% | ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ 1114 ᠵᠦᠢᠯ ᠤᠨ ᠣᠨᠴᠠᠯᠢᠭᠲᠤ | ᠬᠡᠷᠡᠭᠯᠡᠭᠡᠨ ᠳᠤ ᠵᠠᠯᠭᠠᠨ ᠣᠷᠣᠭᠤᠯᠵᠤ᠂ 2707 ᠣᠨᠴᠠᠯᠢᠭᠲᠤ ᠲᠤᠰᠬᠠᠢ ᠰᠡᠳᠦᠪᠲᠦ ᠦᠢᠯᠡᠴᠢᠯᠡᠭᠡ ᠶᠢ | ᠲᠣᠬᠢᠷᠠᠭᠤᠯᠤᠨ᠂ ᠨᠡᠶᠢᠲᠡ 6399 ᠲᠦᠮᠡᠨ ᠤᠳᠠᠭ᠎ᠠ ᠰᠤᠷᠪᠤᠯᠵᠢᠯᠠᠵᠤ᠂ ᠡᠳᠦᠷ ᠳᠤᠮᠳᠠᠴᠢ ᠶᠢᠨ ᠰᠣᠷᠪᠤᠯᠵᠢᠯᠠᠭ᠎ᠠ | 5.1 ᠲᠦᠮᠡᠨ ᠤᠳᠠᠭ᠎ᠠ ᠳᠤ ᠬᠥᠷᠪᠡ︔ ᠪᠥᠬᠦ ᠣᠷᠣᠨ ᠤ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠨᠢ | ᠨᠢᠭᠡᠨᠲᠡ 640 ᠲᠥᠷᠥᠯ ᠤᠨ ᠨᠡᠶᠢᠲᠡ 6980 ᠲᠦᠮᠡᠨ ᠵᠤᠷᠪᠤᠰ ᠢ ᠬᠤᠷᠠᠮᠳᠤᠭᠤᠯᠵᠤ᠂ ᠨᠡᠶᠢᠲᠡ ᠬᠠᠮᠲᠤ ᠪᠠᠷ | ᠡᠳ᠋ᠯᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 11 ᠳ᠋ᠦᠩᠰᠢᠭᠤᠷ ᠤᠳᠠᠭ᠎ᠠ ᠶᠢ ᠳᠠᠪᠠᠪᠠ︔ ︽ᠦᠨᠡᠮᠯᠡᠯ ᠢ | ᠬᠡᠯᠲᠦᠷᠢᠭᠦᠯᠦᠨ ᠭᠦᠢᠴᠡᠳᠭᠡᠬᠦ ︾ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ 485 ᠤᠴᠢᠷ ᠶᠠᠪᠤᠳᠠᠯ᠂ ᠪᠥᠬᠦ ᠣᠷᠣᠨ ᠤ 12.4 ᠲᠦᠮᠡᠨ ᠤᠴᠢᠷ ᠶᠠᠪᠤᠳᠠᠯ ᠳᠤ | ︽ᠦᠨᠡᠮᠯᠡᠯ ᠢ ᠬᠡᠯᠲᠦᠷᠢᠭᠦᠯᠦᠨ ᠭᠦᠢᠴᠡᠳᠭᠡᠬᠦ ︾ ᠶᠢ ᠪᠡᠶᠡᠯᠡᠭᠦᠯᠪᠡ︔ ᠰᠠᠯᠠᠭ᠎ᠠ ᠮᠥᠴᠢᠷ ᠠᠯᠤᠰᠯᠠᠭᠰᠠᠨ ᠬᠡᠷᠡᠭ | ᠶᠠᠪᠤᠳᠠᠯ ᠢ ︽ᠲᠥᠪᠯᠡᠷᠡᠭᠦᠯᠦᠨ ᠭᠦᠢᠴᠡᠳᠬᠡᠬᠦ︾ ᠶᠢ ᠨᠠᠩ ᠣᠯᠠᠨ ᠭᠠᠷᠭᠠᠵᠤ᠂ ᠪᠥᠬᠦ ᠣᠷᠣᠨ ᠳᠤ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠴᠣᠩᠬᠤ 1200 ᠭᠠᠷᠤᠢ ᠭᠠᠷᠭᠠᠵᠤ᠂ 115 ᠵᠦᠢᠯ ᠤᠨ | ︽ᠨᠢᠭᠡ ᠶᠠᠪᠤᠳᠠᠯ︾ ᠢ ᠦᠨᠳᠦᠰᠦᠨ ᠳᠡᠭᠡᠨ ᠳᠠᠭᠠᠭᠠᠨ ᠠᠪᠴᠤ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ ᠶᠢ ᠪᠡᠶᠡᠯᠡᠭᠦᠯᠵᠦ᠂ ᠭᠦᠢᠴᠡᠳᠬᠡᠬᠦ ᠵᠦᠢᠯ ᠤᠨ ᠲᠤᠭ᠎ᠠ 102 ᠲᠦᠮᠡ ᠭᠠᠷᠤᠢ ᠳᠤ ᠬᠦᠷᠴᠦ ᠂ | ᠭᠦᠢᠴᠡᠳᠬᠡᠬᠦ ᠴᠠᠭ᠂ ᠭᠤᠭᠴᠤᠭ᠎ᠠ᠂ ᠮᠠᠲ᠋ᠧᠷᠢᠶᠠᠯ ᠢ ᠳᠤᠮᠳᠠᠴᠢ ᠪᠠᠷ 57% ᠪᠠᠷ ᠪᠠᠭᠠᠰᠬᠠᠪᠠ︔ ᠪᠥᠬᠦ ᠣᠷᠣᠨ ᠤ | ᠰᠠᠶ᠋ᠢ ᠲᠥᠷᠥᠭᠰᠡᠨ ᠬᠡᠦᠬᠡᠳ ᠤᠨ ︽ᠨᠢᠭᠡ ᠶᠠᠪᠤᠳᠠᠯ︾ ᠢ ᠪᠥᠬᠦ ᠶᠠᠪᠤᠴᠠ ᠳᠤ ᠰᠦᠯᠵᠢᠶᠡᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠨᠡᠶᠢᠲᠡ 1.41 ᠲᠦᠮᠡᠨ ᠵᠦᠢᠯ ᠢ ᠭᠥᠯᠢᠶᠡᠨ ᠠᠪᠴᠤ | ᠰᠢᠢᠳᠪᠦᠷᠢᠯᠡᠵᠡᠢ︔ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠤᠭ᠎ᠠ ᠪᠠᠷᠢᠮᠲᠠ ᠶᠢᠨ ᠰᠠᠭᠤᠷᠢ ᠶᠢ ᠪᠥᠬᠦ | ᠲᠠᠯ᠎ᠠ ᠪᠠᠷ ᠪᠠᠬᠢᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ 12.3 ᠳ᠋ᠦᠩᠰᠢᠭᠤᠷ | ᠵᠤᠷᠪᠤᠰ ᠬᠤᠷᠠᠮᠳᠤᠭᠤᠯᠵᠤ᠂ ᠡᠨᠡ ᠵᠢᠯ ᠤᠨ 1 ᠰᠠᠷ᠎ᠠ ᠠᠴᠠ ᠣᠲᠣ ᠪᠣᠯᠲᠠᠯ᠎ᠠ᠂ ᠲᠤᠭ᠎ᠠ ᠪᠠᠷᠢᠮᠲᠠ ᠶᠢ ᠰᠢᠯᠵᠢᠭᠦᠯᠦᠨ | ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ ᠳᠤ ᠬᠥᠷᠪᠡ︔ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ᠢ ᠪᠥᠬᠦ ᠣᠷᠣᠨ ᠲᠡᠶᠢᠰᠢ | ᠥᠷᠭᠡᠳᠬᠡᠵᠦ᠂ ᠣᠳᠣᠬᠠᠨ ᠳᠤ ᠲᠣᠰ ᠲᠠᠪᠴᠠᠩ ᠨᠢ ᠨᠢᠭᠡᠨᠲᠡ 21 ᠲᠥᠷᠥᠯ ᠤᠨ ᠬᠠᠮᠢᠶ᠎ᠠ ᠪᠦᠬᠦᠢ ᠬᠢᠷᠢ ᠬᠡᠮ ᠢ | ᠠᠴᠢᠶᠠᠯᠠᠵᠤ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ 3137 ᠡᠷᠦᠬᠡ ᠳᠤ ᠣᠷᠣᠵᠤ ᠰᠠᠭᠤᠭᠰᠠᠨ | ᠪᠠᠶᠢᠨ᠎ᠠ︔ ︽ᠮᠧᠩ ᠰᠦ ᠪᠠᠨ ︾ ᠤ ᠰᠢᠯᠵᠢᠮᠡᠯ ᠬᠤᠯᠪᠣᠭᠠᠨ ᠤ ᠦᠵᠦᠭᠦᠷ ᠤᠨ ᠦᠨᠡᠨ ᠨᠡᠷ᠎ᠡ ᠪᠠᠷ ᠢᠶᠠᠨ | ᠳᠠᠩᠰᠠᠯᠠᠭᠤᠯᠤᠭᠰᠠᠨ ᠬᠡᠷᠡᠭᠯᠡᠭᠴᠢ 1740 ᠲᠦᠮᠡ ᠶᠢ ᠳᠠᠪᠠᠵᠤ᠂ ᠰᠤᠷᠭᠠᠨ ᠬᠥᠮᠦᠵᠢᠯ᠂ ᠡᠮᠴᠢᠯᠡᠭᠡ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠳᠤ 6300 ᠭᠠᠷᠤᠢ ᠵᠦᠢᠯ ᠢ ᠵᠠᠯᠭᠠᠨ | ᠣᠷᠣᠭᠤᠯᠵᠤ᠂ ︽ᠪᠠᠭ᠎ᠠ ᠶᠠᠪᠤᠳᠠᠯ ᠢ ᠣᠶᠤᠨ ᠢᠶᠠᠷ ᠭᠦᠢᠴᠡᠳᠭᠡᠬᠦ ᠂ ᠲᠥᠷᠥ ᠶᠢᠨ ᠪᠣᠳᠣᠯᠭ᠎ᠠ ᠶᠢᠨ ᠲᠣᠭᠤᠭᠠᠨ ᠭᠡᠷ᠂ | ᠠᠮᠢᠳᠤᠷᠠᠯ ᠤᠨ ᠰᠦᠢᠳᠬᠡᠯ ᠲᠤᠰᠢᠶᠠᠬᠤ︾ ᠵᠡᠷᠭᠡ 21 ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠤᠰᠬᠠᠢ ᠣᠷᠣᠨ ᠢ ᠭᠠᠷᠭᠠᠪᠠ᠃ | ᠬᠤᠶᠠᠷ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠲᠠᠰᠤᠷᠠᠯᠲᠠ ᠦᠭᠡᠢ ᠰᠢᠨ᠎ᠡ ᠪᠠᠷ | ᠡᠭᠦᠳᠴᠦ᠂ ᠦᠢᠯᠡᠴᠢᠯᠡᠭᠡ ᠶᠢ ᠨᠠᠩ ᠴᠢᠨᠠᠷ ᠰᠠᠶᠢᠲᠠᠢ ᠪᠣᠯᠭᠠᠪᠠ | ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠢᠨ ᠰᠢᠨ᠎ᠡ | ᠵᠠᠭᠤᠴᠢᠯᠠᠭᠤᠷ ᠤᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠣᠣᠷᠢᠶ᠎ᠠ ᠵᠡᠷᠭᠡ ᠣᠬᠤᠷ ᠸᠢᠳᠢᠣ᠋ ᠶᠢᠨ | ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ᠂ ︽ᠰᠢᠭᠤᠳ ᠨᠡᠪᠲᠡᠷᠡᠭᠦᠯᠭᠡ ᠶᠢᠨ ᠲᠤᠬᠠᠢ ᠶᠢᠨ ᠲᠠᠯᠠᠪᠤᠷ ᠲᠤ | ᠬᠠᠷᠢᠭᠤᠯᠲᠠ ᠥᠭᠬᠦ᠂ ᠦᠭᠡ ᠦᠯᠡᠳᠡᠭᠡᠬᠦ ᠳᠤ ᠴᠠᠭ ᠲᠤᠬᠠᠢ ᠳᠤᠨᠢ ᠬᠠᠷᠢᠭᠤᠯᠲᠠ ᠥᠭᠬᠦ︾ ︽ᠵᠠᠰᠠᠭ ᠤᠨ | ᠶᠠᠪᠤᠳᠠᠯ ᠤᠨ ᠦᠢᠯᠡᠴᠢᠯᠡᠭᠡ + ᠰᠢᠭᠤᠳ ᠨᠡᠪᠲᠡᠷᠡᠭᠦᠯᠭᠡ︾ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠵᠤ᠂ | ᠡᠭᠦᠯᠡᠨ ᠳᠡᠭᠡᠷ᠎ᠡ ᠨᠡᠪᠲᠡᠷᠡᠬᠦ ᠵᠠᠮ᠂ ᠰᠦᠯᠵᠢᠶᠡᠨ ᠳᠡᠭᠡᠷ᠎ᠡ ᠤᠬᠠᠭᠤᠯᠤᠨ ᠲᠠᠶᠢᠯᠪᠤᠷᠢᠯᠠᠬᠤ᠂ ᠰᠢᠭᠤᠳ | ᠨᠡᠪᠲᠡᠷᠡᠭᠦᠯᠭᠡ ᠶᠢᠨ ᠲᠠᠰᠤᠭ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠲᠠᠶᠢᠯᠬᠤ ᠪᠠᠷ | ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠲᠠᠢ ᠰᠠᠭᠠᠳ ᠦᠭᠡᠢ ᠰᠣᠯᠢᠯᠴᠠᠬᠤ ᠶᠢ ᠪᠡᠶᠡᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠣᠶᠢᠯᠠᠭᠠᠯᠲᠠ ᠪᠠ ᠲᠥᠬᠦᠮ ᠦᠵᠡᠭᠦᠯᠬᠦ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠮᠠᠭᠲᠠᠭᠠᠯ | ᠰᠠᠶᠢᠰᠢᠶᠠᠯ ᠢ ᠣᠯᠪᠠ᠃ ᠣᠳᠣᠬᠠᠨ ᠳᠤ᠂ ᠪᠥᠬᠦ ᠣᠷᠣᠨ ᠳᠤ ᠵᠠᠰᠠᠭ ᠤᠨ ᠶᠠᠪᠤᠳᠠᠯ ᠤᠨ ᠰᠢᠭᠤᠳ | ᠨᠡᠪᠲᠡᠷᠡᠭᠦᠯᠭᠡ ᠶᠢᠨ ᠲᠠᠩᠰᠠᠨ ᠨᠣᠮᠧᠷ ᠢ ᠨᠡᠶᠢᠲᠡ 100 ᠭᠠᠷᠤᠢ ᠡᠭᠦᠳᠦᠨ ᠪᠠᠶᠢᠭᠤᠯᠵᠤ᠂ ᠰᠦᠯᠵᠢᠶᠡᠨ ᠳᠡᠭᠡᠷᠡᠬᠢ | ᠰᠢᠭᠤᠳ ᠨᠡᠪᠲᠡᠷᠡᠭᠦᠯᠭᠡ ᠶᠢ 2 ᠲᠦᠮᠡ ᠭᠠᠷᠤᠢ ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠠᠰᠠᠭᠤᠳᠠᠯ ᠢ ᠨᠡᠶᠢᠲᠡ | 20 ᠲᠦᠮᠡ ᠭᠠᠷᠤᠢ ᠬᠠᠷᠢᠭᠤᠯᠵᠤ᠂ ᠰᠦᠯᠵᠢᠶᠡᠨ ᠳᠡᠭᠡᠷᠡᠬᠢ ᠯᠠᠪᠯᠠᠯᠭ᠎ᠠ ᠳᠤ ᠬᠠᠷᠢᠭᠤᠯᠲᠠ ᠥᠭᠬᠦ ᠲᠠᠯ᠎ᠠ ᠪᠠᠷ 50 | ᠲᠦᠮᠡ ᠭᠠᠷᠤᠢ ᠵᠤᠷᠪᠤᠰ ᠲᠤ ᠬᠦᠷᠦᠭᠰᠡᠨ ᠪᠠᠶᠢᠨ᠎ᠠ᠃ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠰᠢᠭᠤᠳ | ᠨᠡᠪᠲᠡᠷᠡᠭᠦᠯᠭᠡ︾ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ ᠨᠢ ᠲᠡᠭᠰᠢ ᠬᠡᠮ ᠦᠭᠡᠢ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠢ ᠰᠢᠢᠳᠪᠦᠷᠢᠯᠡᠵᠦ | ᠴᠢᠳᠠᠬᠤ ᠦᠭᠡᠢ᠂ ᠶᠡᠭᠡ ᠲᠢᠩᠬᠢᠮ ᠳᠤ ᠤᠴᠢᠷ ᠶᠠᠪᠤᠳᠠᠯ ᠢ ᠰᠢᠢᠳᠪᠦᠷᠢᠯᠡᠬᠦ ᠳᠤ ᠬᠡᠷᠡᠭᠰᠡᠬᠦ ᠮᠠᠲ᠋ᠧᠷᠢᠶᠠᠯ ᠢ | ᠤᠷᠢᠳᠴᠢᠯᠠᠨ ᠲᠣᠳᠣᠷᠬᠠᠢ ᠣᠶᠢᠯᠠᠭᠠᠭᠰᠠᠨ ᠦᠭᠡᠢ ᠠᠴᠠ ᠪᠣᠯᠤᠭᠰᠠᠨ ︽ᠣᠯᠠᠨ ᠤᠳᠠᠭ᠎ᠠ ᠭᠦᠶᠦᠬᠦ᠂ ᠨᠠᠭᠠᠰᠢ | ᠴᠠᠭᠠᠰᠢ ᠭᠦᠶᠦᠬᠦ︾ ᠵᠡᠷᠭᠡ ᠲᠦᠭᠵᠢᠷᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2023﹈ 29 ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 57 | ᠵᠦᠢᠯ ᠤᠨ ᠣᠷᠣᠨ ᠨᠤᠲᠤᠭ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠦᠭᠰᠡᠨ ᠨᠡᠶᠢᠲᠡᠯᠢᠭ ᠲᠤᠷᠰᠢᠯᠭ᠎ᠠ ᠶᠢᠨ ᠬᠡᠷᠡᠭ ᠤᠨ ᠵᠢᠱᠢᠶ᠎ᠡ ᠶᠢ ᠡᠮᠬᠢᠯᠡᠨ | ᠬᠤᠷᠢᠶᠠᠩᠭᠤᠶᠢᠯᠠᠵᠤ᠂ ᠮᠠᠨ ᠤ ᠣᠷᠣᠨ ᠤ ︽ᠢᠨᠲ᠋ᠧᠷ ᠰᠦᠯᠵᠢᠶ᠎ᠡ + ᠰᠢᠭᠤᠳ ᠨᠡᠪᠲᠡᠷᠡᠭᠦᠯᠭᠡ︾ ᠶᠢᠨ | ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠯᠡᠭᠰᠡᠨ ᠬᠡᠷᠡᠭ ᠤᠨ ᠵᠢᠱᠢᠶ᠎ᠡ ᠶᠢ ᠠᠮᠵᠢᠯᠲᠠ ᠲᠠᠢ ᠰᠣᠩᠭᠤᠪᠠ᠃ | ᠭᠤᠷᠪᠠ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠦᠢᠯᠡᠴᠢᠯᠡᠭᠡ ᠶᠢ ᠨᠠᠩ ᠳᠥᠭᠦᠮ ᠳᠥᠲᠡ ᠪᠣᠯᠭᠠᠪᠠ | ᠠᠵᠤ ᠠᠬᠤᠶᠢᠯᠠᠯ ᠪᠠ ᠣᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ | ᠭᠠᠵᠠᠷ ᠢᠶᠠᠷ ᠭᠦᠶᠦᠬᠦ︾ ︽ᠪᠤᠴᠠᠵᠤ ᠭᠦᠶᠦᠬᠦ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠪᠦᠬᠦᠨ ᠢ ᠬᠠᠮᠤᠷᠤᠭᠰᠠᠨ︾ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ᠂ ︽ᠨᠢᠭᠡ ᠴᠣᠭᠴᠠᠵᠢᠭᠤᠯᠬᠤ︾ ᠵᠦᠢᠯᠡᠰ ᠤᠨ ᠪᠠᠷᠢᠮᠵᠢᠶ᠎ᠠ ᠶᠢᠨ ᠵᠢᠷᠤᠮᠵᠢᠭᠤᠯᠬᠤ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠨᠢᠭᠡ ᠬᠥᠯᠭᠡ ᠰᠢᠲᠠᠷ᠎ᠠ︾ ᠳᠤ ᠲᠤᠰᠬᠠᠢ ᠣᠷᠣᠨ ᠤ ᠲᠤᠰᠬᠠᠢ | ᠴᠣᠩᠬᠤ ᠶᠢ ᠨᠡᠮᠡᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠪᠠᠷ ᠬᠦᠴᠦᠯᠡᠵᠦ᠂ | ︽ᠪᠥᠬᠦ ᠣᠷᠣᠨ ᠤ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠪᠠ ᠃ 156 | ᠵᠦᠢᠯ ᠤᠨ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ | ᠨᠡᠶᠢᠲᠡᠯᠡᠵᠦ᠂ ᠵᠢᠷᠤᠮᠵᠢᠭᠰᠠᠨ ᠥᠯᠢᠭᠡᠷ ᠬᠦᠰᠦᠨᠦᠭᠲᠦ ᠶᠢᠨ ᠬᠠᠭᠤᠳᠠᠰᠤ ᠶᠢ 100 ᠭᠠᠷᠤᠢ ᠬᠤᠪᠢ ᠨᠡᠶᠢᠲᠡᠯᠡᠵᠦ᠂ | ︽ᠪᠥᠬᠦ ᠣᠷᠣᠨ ᠤ ᠨᠡᠶᠢᠳᠡᠮ ᠭᠦᠢᠴᠡᠳᠭᠡᠬᠦ ︾ ᠲᠤᠰᠬᠠᠢ ᠴᠣᠩᠬᠤ ᠶᠢ 121 ᠨᠡᠮᠡᠨ ᠪᠠᠶᠢᠭᠤᠯᠵᠤ᠂ ︽ᠪᠥᠬᠦ | ᠣᠷᠣᠨ ᠤ ᠨᠡᠶᠢᠳᠡᠮ ᠭᠦᠢᠴᠡᠳᠭᠡᠬᠦ ︾ ᠠᠵᠢᠯᠲᠠᠨ 279 ᠬᠥᠮᠥᠨ ᠢ ᠲᠣᠬᠢᠷᠠᠭᠤᠯᠤᠨ᠂ ᠰᠢᠯᠵᠢᠭᠦᠯᠦᠨ | ᠭᠦᠢᠴᠡᠳᠬᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠤᠨ ᠬᠢᠵᠠᠭᠠᠷ ᠪᠠ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠵᠦ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠢᠭᠡ ᠤᠳᠠᠭ᠎ᠠ ᠳᠤ | ᠲᠤᠰᠢᠶᠠᠬᠤ᠂ ᠨᠢᠭᠡ ᠴᠣᠩᠬᠤ ᠪᠠᠷ ᠰᠢᠯᠵᠢᠭᠦᠯᠦᠨ ᠭᠦᠢᠴᠡᠳᠬᠡᠬᠦ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ | ᠮᠠᠶ᠋ᠢᠭ ᠤᠨ ᠦᠢᠯᠡᠴᠢᠯᠡᠭᠡ ᠶᠢ ᠪᠡᠶᠡᠯᠡᠭᠦᠯᠪᠡ ᠃ ᠣᠳᠣᠬᠠᠨ ᠳᠤ᠂ ᠪᠥᠬᠦ ᠣᠷᠣᠨ ᠳᠤ ᠣᠨᠳᠣᠣ ᠭᠠᠵᠠᠷ ᠲᠤ ᠭᠥᠯᠢᠶᠡᠨ | ᠠᠪᠴᠤ ᠰᠢᠢᠳᠪᠦᠷᠢᠯᠡᠭᠰᠡᠨ ︽ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ︾᠂ ᠡᠷᠦᠬᠡ ᠠᠮᠠ | ᠰᠢᠯᠵᠢᠭᠦᠯᠬᠦ᠂ ᠬᠥᠩᠭᠡᠵᠢᠯᠲᠡ ᠶᠢᠨ ᠳᠠᠩᠰᠠᠯᠠᠯᠲᠠ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠳᠠᠩᠰᠠᠯᠠᠯᠲᠠ ᠶᠢ ᠬᠦᠴᠦᠨ ᠦᠭᠡᠢ ᠪᠣᠯᠭᠠᠬᠤ︾ ᠵᠡᠷᠭᠡ 6 ᠲᠦᠮᠡ ᠰᠢᠬᠠᠮ ᠵᠦᠢᠯ ᠢ ᠭᠦᠢᠴᠡᠳᠬᠡᠵᠦ | ᠳᠠᠭᠤᠰᠬᠠᠭᠰᠠᠨ ᠪᠠᠶᠢᠨ᠎ᠠ᠃ | ᠳᠥᠷᠪᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠦᠢᠯᠡᠴᠢᠯᠡᠭᠡ ᠶᠢ ᠨᠠᠩ ᠳᠤᠯᠠᠭᠠᠬᠠᠨ | ᠪᠣᠯᠭᠠᠪᠠ | ᠨᠢᠭᠡ ᠳᠤ ︽ ᠭᠤᠷᠪᠠ ᠶᠢ ᠲᠦᠪᠯᠡᠷᠡᠭᠦᠯᠬᠦ ᠭᠤᠷᠪᠠ ᠶᠢ ᠪᠣᠳᠠᠲᠠᠶᠢᠵᠢᠭᠤᠯᠬᠤ ︾ ᠥᠭᠡᠷᠡᠴᠢᠯᠡᠯᠲᠡ ᠶᠢᠨ ᠦᠷ᠎ᠡ | ᠪᠦᠲᠦᠮᠵᠢ ᠢᠯᠡᠳᠲᠡ ᠪᠣᠯᠪᠠ ᠃ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠣᠷᠣᠭᠤᠯᠬᠤ ᠶᠣᠰᠣᠲᠠᠢ ᠶᠢ ᠨᠢ ᠵᠠᠪᠠᠯ | ᠣᠷᠣᠭᠤᠯᠬᠤ᠂ ᠣᠷᠤᠭᠤᠯᠤᠭᠰᠠᠨ ᠶᠢ ᠨᠢ ᠵᠠᠪᠠᠯ ᠡᠷᠬᠡ ᠣᠯᠭᠤᠬᠤ︾ ᠶᠢ ᠪᠥᠬᠦ ᠲᠠᠯ᠎ᠠ ᠪᠠᠷ ᠵᠢᠷᠤᠮᠵᠢᠭᠤᠯᠵᠤ᠂ | ᠣᠷᠣᠵᠤ ᠰᠠᠭᠤᠬᠤ ᠵᠦᠢᠯᠡᠰ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ | ᠪᠣᠲᠠᠲᠠᠢ ᠪᠠᠷ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠪᠥᠬᠦ ᠣᠷᠣᠨ ᠤ 17 ᠲᠦᠮᠡ ᠭᠠᠷᠤᠢ ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡᠨᠲᠡ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠵᠦ᠂ ᠵᠦᠢᠯᠡᠰ ᠤᠨ ᠣᠷᠣᠵᠤ ᠰᠠᠭᠤᠭᠰᠠᠨ | ᠨᠣᠷᠮ᠎ᠠ 100% ᠳᠤ ᠬᠥᠷᠪᠡ︔ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 38 ᠰᠠᠯᠠᠭ᠎ᠠ ᠮᠥᠴᠢᠷ ᠤᠨ | 1577 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠥᠮ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠡᠷᠬᠡ | ᠣᠯᠭᠤᠵᠤ᠂ ᠣᠷᠣᠵᠤ ᠰᠠᠭᠤᠬᠤ ᠨᠣᠷᠮ᠎ᠠ ᠨᠢ 76% ᠪᠠᠶᠢᠭᠰᠠᠨ ᠠᠴᠠ 100% ᠳᠤ ᠬᠥᠷᠪᠡ᠃ ᠬᠤᠶᠠᠷ ᠲᠤ | ︽ᠨᠢᠭᠡ ᠴᠣᠩᠬᠤᠨ ᠤ ᠬᠡᠯᠪᠡᠷᠢ ︾ ᠶᠢᠨ ᠥᠭᠡᠷᠡᠴᠢᠯᠡᠯᠲᠡ ᠶᠢ ᠤᠷᠤᠭᠰᠢᠲᠠᠢ ᠲᠦᠯᠬᠢᠨ ᠠᠬᠢᠭᠤᠯᠪᠠ ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠤ ᠬᠠᠮᠢᠶᠠᠷᠤᠯᠲᠠ᠂ ᠴᠣᠩᠬᠤᠪᠴᠢ | ᠲᠣᠬᠢᠷᠠᠭᠤᠯᠬᠤ᠂ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠪᠢᠲᠡᠭᠦᠮᠵᠢᠯᠡᠨ ᠠᠵᠢᠯᠯᠠᠭᠤᠯᠬᠤ ᠵᠡᠷᠭᠡ | ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ᠂ ᠶᠡᠷᠦᠩᠬᠡᠶᠢᠯᠡᠨ ᠦᠢᠯᠡᠴᠢᠯᠡᠬᠦ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠵᠢᠷᠤᠮᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠪᠥᠬᠦ ᠣᠷᠣᠨ ᠤ | 122 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤ ᠶᠢ ᠪᠦᠬᠦᠨ ᠢ | ᠬᠠᠮᠤᠷᠬᠤ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠴᠣᠩᠬᠤ ᠶᠢ 3976 ᠭᠠᠷᠭᠠᠵᠤ ᠂ ᠨᠡᠶᠢᠲᠡ 947 ᠲᠦᠮᠡᠨ | ᠬᠤᠪᠢ ᠭᠦᠢᠴᠡᠳᠬᠡᠭᠰᠡᠨ ᠪᠠᠶᠢᠨ᠎ᠠ᠃ ᠭᠤᠷᠪᠠ ᠳᠤ ︽ᠴᠠᠭ ᠢ ᠤᠷᠲᠤᠳᠬᠠᠬᠤ ᠦᠢᠯᠡᠴᠢᠯᠡᠭᠡ︾ ᠨᠢ ᠠᠷᠠᠳ ᠲᠤ | ᠨᠠᠩ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠪᠣᠯᠭᠠᠪᠠ ᠃ ᠪᠥᠬᠦ ᠣᠷᠣᠨ ᠤ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠡᠷᠲᠡ ᠣᠷᠣᠢ ᠶᠢᠨ ᠤᠶᠠᠨ ᠬᠠᠳᠠᠨ ᠢᠶᠠᠷ ᠭᠦᠢᠴᠡᠳᠬᠡᠬᠦ︾ | ︽ᠦᠳᠡ ᠳᠤ ᠲᠠᠰᠤᠯᠳᠠᠭᠤᠯᠬᠤ ᠦᠭᠡᠢ︾ ︽ᠭᠠᠷᠠᠭ ᠤᠨ ᠡᠳᠦᠷ ᠠᠮᠠᠷᠠᠬᠤ ᠦᠭᠡᠢ︾ ᠵᠡᠷᠭᠡ ᠴᠠᠭ ᠢ | ᠤᠷᠲᠤᠳᠬᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ | ᠠᠮᠢᠳᠤᠷᠠᠯ ᠳᠤ ᠣᠶᠢᠷᠠᠲᠤᠭᠰᠠᠨ ᠥᠨᠳᠥᠷ ᠳᠠᠪᠲᠠᠮᠵᠢ ᠲᠠᠢ ᠵᠦᠢᠯᠡᠰ ᠢ ᠭᠠᠷᠠᠭ ᠤᠨ ᠡᠳᠦᠷ ᠤᠨ ᠴᠠᠭ ᠢ | ᠤᠷᠲᠤᠳᠬᠠᠬᠤ ᠦᠢᠯᠡᠴᠢᠯᠡᠭᠡᠨ ᠤ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠬᠤ ᠶᠢᠨ ᠬᠠᠮᠲᠤ ᠪᠣᠯᠵᠣᠬᠤ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠠᠵᠢᠯᠯᠠᠬᠤ ᠴᠠᠭ ᠲᠤ | ᠭᠦᠢᠴᠡᠳᠬᠡᠬᠦ ᠴᠢᠯᠦᠭᠡ ᠦᠭᠡᠢ︾ ︽ᠠᠮᠠᠷᠠᠬᠤ ᠴᠠᠭ ᠲᠤ ᠭᠦᠢᠴᠡᠳᠬᠡᠬᠦ ᠭᠠᠵᠠᠷ ᠦᠭᠡᠢ︾ ᠵᠡᠷᠭᠡ ᠬᠦᠴᠢᠷ | ᠠᠰᠠᠭᠤᠳᠠᠯ ᠢ ᠦᠨᠡᠨᠬᠦ ᠰᠢᠢᠳᠪᠦᠷᠢᠯᠡᠪᠡ ᠃ ᠣᠳᠣ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠡᠶᠢᠲᠡᠯᠡᠭᠰᠡᠨ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ | 16.4 ᠲᠦᠮᠡ ᠭᠠᠷᠤᠢ ᠪᠠᠶᠢᠵᠤ᠂ ᠬᠠᠮᠤᠷᠬᠤ ᠨᠣᠷᠮ᠎ᠠ ᠨᠢ ᠣᠷᠣᠵᠤ ᠰᠠᠭᠤᠬᠤ ᠵᠦᠢᠯᠡᠰ ᠤᠨ 90% ᠠᠴᠠ | ᠳᠡᠭᠡᠭᠰᠢ ᠳᠤ ᠬᠦᠷᠴᠦ᠂ ᠴᠠᠭ ᠢ ᠤᠷᠲᠤᠳᠬᠠᠬᠤ ᠦᠢᠯᠡᠴᠢᠯᠡᠭᠡ ᠶᠢ ᠨᠡᠶᠢᠲᠡ 28 ᠲᠦᠮᠡ ᠭᠠᠷᠤᠢ ᠤᠳᠠᠭ᠎ᠠ | ᠬᠠᠩᠭᠠᠭᠰᠠᠨ ᠪᠠᠶᠢᠨ᠎ᠠ᠃ | ᠲᠠᠪᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ᠂ ᠬᠦᠷᠢᠶᠡᠯᠡᠩ ᠲᠣᠭᠤᠷᠢᠭ ᠲᠡᠶᠢᠰᠢ | ᠤᠷᠲᠤᠳᠬᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠴᠢᠯᠡᠭᠡ ᠶᠢ ᠨᠠᠩ ᠳᠣᠲᠣᠨᠣ ᠪᠣᠯᠭᠠᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠲᠡᠶᠢᠰᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠭᠠᠵᠠᠷ | ᠣᠷᠣᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤ ᠪᠠᠶᠢᠭᠤᠯᠬᠤ᠂ ᠣᠷᠣᠯᠠᠨ | ᠭᠦᠢᠴᠡᠳᠭᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ᠂ ᠳᠦᠷᠢᠮ ᠲᠣᠭᠲᠠᠴᠠ ᠶᠢ ᠪᠠᠶᠢᠭᠤᠯᠬᠤ᠂ ᠲᠡᠷᠡ ᠬᠡᠪ ᠢᠶᠠᠷ | ᠨᠢ ᠳᠡᠯᠭᠡᠷᠡᠭᠦᠯᠬᠦ ᠵᠡᠷᠭᠡ 9 ᠵᠦᠢᠯ ᠤᠨ ᠬᠠᠪᠰᠤᠷᠤᠨ ᠭᠦᠢᠴᠡᠳᠬᠡᠬᠦ ᠵᠠᠭᠪᠤᠷ ᠢ ᠪᠡᠶᠡᠯᠡᠭᠦᠯᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠲᠣᠰᠬᠤᠨ ᠤ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠡᠯ᠎ᠡ ᠭᠠᠵᠠᠷ | ᠣᠷᠣᠨ ᠨᠤᠭᠤᠳ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ︾ ︽ᠵᠠᠰᠠᠭ ᠪᠠ | ᠰᠢᠤᠳᠠᠨ ᠤ ᠬᠠᠮᠲᠤᠷᠠᠯᠴᠠᠭ᠎ᠠ︾ ︽ᠠᠯᠤᠰ ᠠᠴᠠ ᠬᠥᠲᠥᠯᠥᠨ ᠵᠢᠯᠤᠭᠤᠳᠬᠤ ᠲᠠᠪᠴᠠᠩ︾ ︽ᠵᠠᠰᠠᠭ ᠤᠨ | ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠲᠢᠩᠬᠢᠮ︾ ᠵᠡᠷᠭᠡ ᠨᠠᠩ ᠣᠯᠠᠨ ᠡᠰᠢᠵᠢᠭᠰᠡᠨ᠂ ᠲᠤᠰᠬᠠᠶᠢᠵᠢᠭᠰᠠᠨ᠂ | ᠨᠠᠷᠢᠯᠢᠭ ᠣᠨᠣᠴᠠᠲᠠᠶᠢᠵᠢᠭᠰᠠᠨ ᠦᠢᠯᠡᠴᠢᠯᠡᠭᠡ ᠬᠠᠩᠭᠠᠵᠤ᠂ 66 ᠵᠦᠢᠯ ᠤᠨ ᠥᠨᠳᠥᠷ ᠳᠠᠪᠲᠠᠮᠵᠢ ᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠬᠠᠪᠰᠤᠷᠤᠨ ᠣᠷᠣᠯᠠᠨ ᠭᠦᠢᠴᠡᠳᠬᠡᠬᠦ︾ ᠶᠢ ᠪᠡᠶᠡᠯᠡᠭᠦᠯᠵᠦ᠂ ᠣᠯᠠᠨ | ᠲᠦᠮᠡᠨ ᠤ ︽ᠣᠶᠢᠷ᠎ᠠ ᠬᠠᠪᠢ᠂ ᠳᠥᠭᠦᠮ ᠳᠥᠲᠡ᠂ ᠥᠨᠳᠥᠷ ᠪᠦᠲᠦᠮᠵᠢᠲᠡᠶ︾ ᠬᠡᠷᠡᠭ ᠶᠠᠪᠤᠳᠠᠯ ᠭᠦᠢᠴᠡᠳᠬᠡᠬᠦ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ | ᠠᠬᠢᠭᠤᠯᠵᠤ᠂ ᠡᠯ᠎ᠡ ᠭᠠᠵᠠᠷ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠠᠵᠢᠯ ᠤᠨ ᠥᠷᠲᠡᠭᠡ | ᠪᠠᠶᠢᠭᠤᠯᠬᠤ ᠶᠢ ᠠᠬᠢᠭᠤᠯᠤᠨ᠂ ︽ᠠᠷᠪᠠ ᠪᠠᠶᠢᠬᠤ︾ ᠶᠢᠨ ᠪᠠᠷᠢᠮᠵᠢᠶ᠎ᠠ ᠶᠣᠰᠣᠭᠠᠷ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠳᠤ ᠪᠥᠬᠦ ᠶᠠᠪᠤᠴᠠ ᠂ ᠲᠤᠰᠬᠠᠶᠢᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠭᠰᠠᠨ | ᠪᠠᠶᠢᠨ᠎ᠠ᠃ | ᠵᠢᠷᠭᠤᠭ᠎ᠠ᠂ ︽ᠨᠢᠭᠡ ᠤᠲᠠᠰᠤ ᠪᠠᠷ ᠨᠡᠪᠲᠡᠷᠡᠭᠦᠯᠬᠦ︾ ᠶᠢ ᠪᠡᠶᠡᠯᠡᠭᠦᠯᠬᠦ ᠶᠢ ᠠᠬᠢᠭᠤᠯᠵᠤ᠂ ᠦᠢᠯᠡᠴᠢᠯᠡᠭᠡ ᠶᠢ | ᠨᠠᠩ ᠨᠠᠷᠢᠯᠢᠭ ᠣᠨᠣᠴᠠᠲᠠᠢ ᠪᠣᠯᠭᠠᠪᠠ | ᠪᠥᠬᠦ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠭᠤᠨ ᠤᠲᠠᠰᠤ ᠶᠢ ᠥᠨᠳᠥᠷ ᠪᠠᠶᠢᠷᠢᠨ ᠳᠤ ᠲᠠᠯᠪᠢᠵᠤ ᠲᠦᠯᠬᠢᠨ ᠠᠬᠢᠭᠤᠯᠵᠤ ᠂ ᠠᠵᠤ ᠠᠬᠤᠶᠢᠯᠠᠯ ᠪᠠ ᠣᠯᠠᠨ | ᠲᠦᠮᠡᠨ ᠤ ᠪᠠᠴᠢᠮ ᠪᠡᠷᠬᠡ ᠵᠣᠪᠠᠨᠢᠯ ᠬᠦᠰᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ | ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ ᠶᠢ ᠴᠠᠭ ᠲᠤᠬᠠᠢ ᠳᠤᠨᠢ ᠰᠤᠳᠤᠯᠤᠨ | ᠰᠢᠳᠭᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠠᠭᠠᠭᠠᠨ ᠭᠦᠢᠴᠡᠳᠬᠡᠬᠦ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠮᠡᠳᠡᠯᠭᠡ ᠶᠢᠨ | ᠬᠥᠮᠥᠷᠭᠡ ᠶᠢᠨ ᠠᠭᠤᠯᠭ᠎ᠠ ᠶᠢ ᠴᠠᠭ ᠲᠤᠬᠠᠢ ᠳᠤᠨᠢ ᠣᠨᠣᠪᠴᠢᠲᠠᠶ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠲᠥᠷᠥ ᠶᠢᠨ ᠪᠣᠳᠣᠯᠭ᠎ᠠ ᠶᠢᠨ ᠬᠥᠮᠥᠷᠭᠡ ᠬᠢᠭᠡᠳ ᠬᠠᠯᠠᠮᠰᠢᠯ | ᠤᠲᠠᠰᠤ ᠶᠢᠨ ᠮᠡᠳᠡᠯᠭᠡ ᠶᠢᠨ ᠬᠥᠮᠥᠷᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ | ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠮᠡᠳᠡᠭᠳᠡᠯ ᠠᠯᠪᠠᠨ ᠵᠠᠷ᠂ | ᠬᠠᠯᠠᠮᠰᠢᠯ ᠠᠰᠠᠭᠤᠳᠠᠯ᠂ ᠭᠡᠨᠡᠳᠲᠡ ᠶᠢᠨ ᠬᠡᠷᠡᠭ ᠶᠠᠪᠤᠳᠠᠯ︾ ᠵᠡᠷᠭᠡ 5 ᠶᠡᠭᠡ ᠲᠥᠷᠥᠯ ᠤᠨ ᠮᠡᠳᠡᠯᠭᠡ ᠶᠢ | ᠦᠨᠳᠦᠰᠦᠨ ᠱᠠᠲᠤᠨ ᠤ ᠠᠵᠢᠯᠲᠠᠨ ᠪᠠ ᠨᠡᠶᠢᠭᠡᠮ ᠳᠤ ᠨᠡᠭᠡᠭᠡᠬᠦ ᠶᠢ ᠠᠬᠢᠭᠤᠯᠪᠠ ᠃ ︽7 × 24 ᠴᠠᠭ︾ ᠤᠨ | ᠬᠥᠮᠥᠨ ᠤ ᠬᠦᠴᠦ ᠪᠠᠷ ᠦᠢᠯᠡᠴᠢᠯᠡᠬᠦ ᠴᠢᠳᠠᠪᠤᠷᠢ ᠶᠢ ᠪᠦᠷᠢᠯᠳᠦᠭᠦᠯᠦᠭᠡᠳᠦᠢ ᠪᠤᠶᠤ ᠬᠥᠮᠥᠨ ᠤ ᠬᠦᠴᠦ ᠪᠠᠷ ᠵᠠᠯᠭᠠᠬᠤ | ᠨᠣᠷᠮ᠎ᠠ ᠨᠢ 60% ᠠᠴᠠ ᠳᠣᠣᠷ᠎ᠠ 5 ᠵᠤᠷᠪᠤᠰ ᠬᠠᠯᠠᠭᠤᠨ ᠤᠲᠠᠰᠤ ︵12369᠂ 12319᠂ 12329᠂ | 12316᠂ 12393︶ ᠶᠢ ᠪᠦᠬᠦᠨ ᠢ 12345 ᠬᠠᠯᠠᠭᠤᠨ ᠤᠲᠠᠰᠤᠨ ᠳᠤ ᠨᠡᠶᠢᠯᠡᠭᠦᠯᠦᠨ ᠣᠷᠤᠭᠤᠯᠪᠠ ᠃ | ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠥᠨᠳᠥᠷ | ᠦᠷ᠎ᠡ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 12345 ᠬᠠᠯᠠᠮᠰᠢᠯ ᠤᠲᠠᠰᠤ ᠬᠢᠭᠡᠳ 110 ᠲᠦᠭᠰᠢᠭᠦᠷᠢ | ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠢᠶ᠎ᠠ ᠪᠦᠬᠦᠢ | ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ 4 ᠰᠠᠷ᠎ᠠ ᠤᠷᠢᠳᠴᠢᠯᠠᠨ ᠪᠡᠶᠡᠯᠡᠭᠦᠯᠵᠦ᠂ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠵᠢᠷᠦᠮᠵᠢᠯᠲᠡ᠂ ᠪᠠᠷᠢᠮᠵᠢᠶᠠᠵᠢᠯᠲᠠ᠂ ᠲᠤᠰᠬᠠᠶᠢᠵᠢᠯᠲᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ ᠃ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ | ᠬᠠᠷᠢᠴᠠᠭᠤᠯᠪᠠᠯ᠂ ᠪᠥᠬᠦ ᠣᠷᠣᠨ ᠤ ᠤᠲᠠᠰᠤ ᠵᠠᠯᠭᠠᠯᠲᠠ ᠶᠢᠨ ᠬᠡᠮᠵᠢᠶ᠎ᠡ 30.23% ᠪᠠᠷ ᠳᠡᠭᠡᠭᠰᠢᠯᠡᠵᠦ᠂ | ᠨᠡᠪᠲᠡᠷᠡᠭᠰᠡᠨ ᠨᠣᠷᠮ᠎ᠠ 16.22% ᠢᠶᠠᠷ ᠳᠡᠭᠡᠭᠰᠢᠯᠡᠵᠦ᠂ ᠲᠦᠮᠡᠨ ᠬᠥᠮᠥᠨ ᠤ ᠬᠦᠰᠡᠯ ᠱᠠᠭᠠᠷᠳᠠᠯᠭ᠎ᠠ ᠶᠢᠨ ᠨᠣᠷᠮ᠎ᠠ | 26.53% ᠪᠠᠷ ᠳᠡᠭᠡᠭᠰᠢᠯᠡᠵᠡᠢ᠃ ︽12345 ᠂ ᠦᠢᠯᠡᠴᠢᠯᠡᠭᠡ ᠨᠢ ᠵᠠᠰᠠᠭ ᠤᠨ ᠣᠷᠳᠣᠨ ᠢ ᠡᠷᠢᠬᠦ︾ ᠨᠢ | ᠨᠢᠭᠡᠨᠲᠡ ᠣᠯᠠᠨ ᠲᠦᠮᠡᠨ ᠤ ᠬᠠᠮᠲᠤ ᠶᠢᠨ ᠲᠠᠨᠢᠯᠲᠠ ᠪᠣᠯᠵᠤ᠂ ᠨᠡᠩ ᠣᠯᠠᠨ ᠠᠵᠤ ᠠᠬᠤᠶᠢᠯᠠᠯ ᠪᠠ ᠣᠯᠠᠨ ᠲᠦᠮᠡᠨ | 12345 ᠤᠲᠠᠰᠤ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠠᠰᠠᠭᠤᠳᠠᠯ ᠢ ᠲᠤᠰᠬᠠᠬᠤ | ᠳᠤᠷᠠᠲᠠᠢ ᠪᠣᠯᠤᠭᠰᠠᠨ ᠪᠠᠶᠢᠨ᠎ᠠ ᠃ | ᠳᠣᠯᠤᠭ᠎ᠠ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ | ᠠᠬᠢᠭᠤᠯᠵᠤ᠂ ᠦᠢᠯᠡᠴᠢᠯᠡᠭᠡ ᠨᠢ ᠠᠵᠤ ᠠᠬᠤᠶᠢᠯᠠᠯ ᠳᠤ ᠨᠠᠩ ᠠᠰᠢᠭ ᠬᠦᠷᠲᠡᠭᠡᠪᠡ | ᠣᠷᠣᠨ ᠪᠦᠰᠡ ᠶᠢᠨ ᠦᠨᠡᠯᠡᠨ ᠵᠢᠱᠢᠯᠲᠡ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ | ᠪᠣᠯᠭᠠᠬᠤ ᠶᠢ ᠪᠠᠷᠢᠮᠲᠠᠯᠠᠵᠤ ᠂ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠵᠦ ᠬᠡᠷᠡᠭᠯᠡᠬᠦ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ ᠂ ︽ ᠠᠵᠤ ᠠᠬᠤᠶᠢᠯᠠᠯ ᠤᠨ | ᠰᠦᠢᠳᠬᠡᠯ ᠲᠤᠰᠢᠶᠠᠬᠤ ︾ ᠶᠢ ︽ ᠵᠠᠰᠠᠭ ᠤᠨ ᠣᠷᠳᠣᠨ ᠤ ᠲᠣᠭᠠᠴᠠᠭ᠎ᠠ ᠬᠢᠬᠦ ︾ ᠪᠣᠯᠭᠠᠨ ᠬᠤᠪᠢᠷᠠᠭᠤᠯᠪᠠ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠨᠡᠯᠡᠯᠲᠡ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠵᠡᠷᠭᠡ 7 ᠬᠦᠷᠢᠶ᠎ᠡ ᠴᠠᠷᠠᠭᠠᠨ ᠤ 10 ᠵᠦᠢᠯ ᠤᠨ ᠦᠨᠡᠯᠡᠯᠲᠡ ᠶᠢ ᠣᠷᠣᠨ ᠪᠦᠰᠡ ᠶᠢᠨ ᠦᠨᠡᠯᠡᠯᠲᠡ ᠶᠢᠨ | ᠵᠦᠢᠯᠡᠰ ᠤᠨ ᠨᠠᠷᠢᠨ ᠳᠠᠩᠰᠠᠨ ᠳᠤ ᠣᠷᠣᠭᠤᠯᠵᠤ᠂ ︽ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ︾ ᠢ ︽ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠵᠦ ᠰᠣᠯᠢᠯᠴᠠᠬᠤ ᠲᠠᠪᠴᠠᠩ︾ ᠯᠤᠭ᠎ᠠ ᠬᠤᠯᠪᠣᠭᠳᠠᠭᠤᠯᠵᠤ᠂ ᠦᠷ᠎ᠡ | ᠪᠦᠲᠦᠭᠡᠯ ᠤᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠭᠥᠷᠳᠡᠵᠦ | ᠬᠡᠷᠡᠭᠯᠡᠬᠦ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ | ᠥᠷᠲᠡᠭᠡ ᠳᠤ ︽ᠪᠥᠬᠦ ᠣᠷᠣᠨ ᠤ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ︾ ᠤᠨ ᠲᠤᠰᠬᠠᠢ | ᠰᠡᠳᠦᠪ ᠢ ᠨᠡᠮᠡᠨ ᠪᠠᠶᠢᠭᠤᠯᠵᠤ᠂ 788 ᠵᠦᠢᠯ ᠤᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ | ᠨᠡᠶᠢᠲᠡᠯᠡᠪᠡ᠃ ᠣᠲᠣ ᠪᠣᠯᠲᠠᠯ᠎ᠠ᠂ ᠪᠥᠬᠦ ᠣᠷᠣᠨ ᠤ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ | ᠨᠡᠶᠢᠲᠡ 9 ᠲᠦᠮᠡ ᠰᠢᠬᠠᠮ ᠤᠳᠠᠭ᠎ᠠ ᠦᠵᠡᠵᠦ ᠬᠡᠷᠡᠭᠯᠡᠭᠰᠡᠨ ᠪᠥᠭᠡᠳ ᠡᠭᠦᠨ ᠳᠤ 2800 ᠭᠠᠷᠤᠢ ᠲᠥᠷᠥᠯ | ᠵᠦᠢᠯ ᠤᠨ ᠬᠠᠮᠲᠤ ᠪᠠᠷ ᠡᠳ᠋ᠯᠡᠵᠦ ᠬᠡᠷᠡᠭᠯᠡᠭᠰᠡᠨ ᠦᠷ᠎ᠡ ᠪᠦᠲᠦᠭᠡᠯ 1.1 ᠲᠦᠮᠡ ᠭᠠᠷᠤᠢ ᠤᠳᠠᠭ᠎ᠠ ᠪᠠᠶᠢᠵᠤ᠂ ᠠᠵᠤ | ᠠᠬᠤᠶᠢᠯᠠᠯ ᠤᠨ ᠠᠵᠤ ᠠᠬᠤᠢ ᠶᠢᠨ ᠥᠪᠡᠷ ᠤᠨ ᠥᠷᠲᠡᠭ ᠢ 2.6 ᠳ᠋ᠦᠩᠰᠢᠭᠤᠷ ᠲᠥᠭᠦᠷᠢᠭ ᠠᠷᠪᠢᠯᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠭᠰᠡᠨ ᠪᠠᠶᠢᠨ᠎ᠠ᠃ | ᠨᠠᠢᠮᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠵᠤ᠂ | ᠦᠢᠯᠡᠴᠢᠯᠡᠭᠡ ᠶᠢ ᠠᠷᠠᠳ ᠲᠤ ᠨᠠᠩ ᠠᠰᠢᠭᠲᠠᠢ ᠪᠣᠯᠭᠠᠪᠠ | ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ ᠂ 8 ᠵᠦᠢᠯ ᠤᠨ ᠣᠷᠣᠨ | ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠤᠬᠠᠮᠰᠠᠷ ᠢᠶᠠᠷ ᠴᠢᠩᠭ᠎ᠠ | ᠦᠭᠡᠢ᠂ ᠭᠤᠶᠤᠴᠢᠯᠠᠯ ᠶᠣᠰᠣᠭᠠᠷ ᠢᠯᠡ ᠪᠣᠯᠭᠠᠬᠤ ᠨᠢ ᠵᠢᠷᠤᠮᠵᠢᠯ ᠦᠭᠡᠢ ᠂ ᠨᠡᠶᠢᠲᠡᠯᠡᠵᠦ ᠲᠠᠶᠢᠯᠪᠤᠷᠢᠯᠠᠬᠤ ᠨᠢ | ᠰᠠᠯᠤᠩᠬᠢᠷᠠᠭᠰᠠᠨ ᠂ ᠲᠤᠰᠬᠠᠢ ᠮᠡᠷᠭᠡᠵᠢᠯ ᠤᠨ ᠮᠡᠳᠡᠯᠭᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ | ᠰᠢᠰᠲ᠋ᠧᠮ︾ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠪᠥᠬᠦ ᠣᠷᠣᠨ ᠤ 4557 ᠰᠠᠯᠠᠭ᠎ᠠ ᠮᠥᠴᠢᠷ ᠲᠤ | ᠵᠠᠯᠭᠠᠨ ᠣᠷᠣᠭᠤᠯᠵᠤ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠶᠢ | 80% ᠳᠤ ᠬᠦᠷᠦᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠤᠶᠤᠴᠢᠯᠠᠯ ᠢ ᠦᠨᠳᠦᠰᠦᠯᠡᠨ ᠢᠯᠡ | ᠪᠣᠯᠭᠠᠬᠤ ᠶᠢ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ᠶᠢ | ᠪᠡᠶᠡᠯᠡᠭᠦᠯᠪᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠬᠦ ᠪᠠᠶᠢᠭᠤᠯᠤᠯᠲᠠ ᠶᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠲᠡᠭᠡ ᠬᠢᠭᠡᠳ | ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠤᠨ ︽ᠬᠤᠶᠠᠷ ᠰᠦᠯᠵᠢᠶ᠎ᠡ ᠶᠢᠨ ᠠᠭᠤᠰᠤᠯᠴᠠᠯ ᠂ | ᠨᠢᠭᠡ ᠨᠣᠮᠧᠷ ᠢᠶᠠᠷ ᠭᠠᠷᠬᠤ᠂ ᠨᠢᠭᠡ ᠴᠣᠭᠴᠠᠵᠢᠭᠤᠯᠤᠨ ᠦᠢᠯᠡᠴᠢᠯᠡᠬᠦ︾ ᠶᠢᠨ ᠪᠡᠶᠡᠯᠡᠭᠦᠯᠬᠦ ᠶᠢ ᠠᠬᠢᠭᠤᠯᠪᠠ ᠃ | ᠴᠢᠩᠬᠤᠸᠠ ᠶᠡᠭᠡ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠵᠠᠰᠠᠭ ᠤᠨ ᠣᠷᠳᠣᠨ ᠤ ᠰᠦᠯᠵᠢᠶ᠎ᠡ ᠶᠢᠨ ᠦᠷ᠎ᠡ | ᠪᠦᠲᠦᠮᠵᠢ ᠶᠢᠨ ᠦᠨᠡᠯᠡᠯᠲᠡ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ | ᠬᠤᠶᠠᠷ ᠵᠢᠯ ᠳᠠᠷᠠᠭᠠᠯᠠᠨ ᠡᠮᠦᠨ᠎ᠡ 10 ᠳᠤ ᠵᠢᠭᠰᠠᠭᠠᠭᠳᠠᠪᠠ᠃ | ᠳᠠᠷᠠᠭᠠᠴᠢ ᠶᠢᠨ ᠠᠯᠬᠤᠮ ᠳᠤ᠂ ᠪᠢᠳᠡ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠪᠠᠶᠢᠭᠠᠳ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ | ᠢ ᠰᠠᠶᠢᠲᠤᠷ ᠬᠢᠬᠦ ᠡᠷᠴᠢ ᠵᠣᠷᠢᠭ ᠢ ᠬᠥᠪᠴᠢᠯᠡᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ | ᠢᠲᠡᠭᠡᠯ ᠵᠣᠷᠢᠭ ᠢᠶᠠᠨ ᠪᠠᠲᠤᠳᠬᠠᠵᠤ᠂ ᠥᠷᠯᠥᠭᠡ ᠦᠳᠡᠰᠢ ᠶᠢ ᠲᠡᠮᠡᠴᠡᠬᠦ᠂ ᠴᠠᠭ ᠮᠥᠴᠡ ᠶᠢ ᠵᠠᠪᠳᠤᠬᠤ ᠵᠣᠷᠢᠭ | ᠰᠠᠨᠠᠭ᠎ᠠ ᠪᠠᠷ᠂ ᠭᠤᠣᠯᠳᠠᠯᠭ᠎ᠠ ᠲᠠᠢ ᠠᠵᠢᠯ ᠢ ᠲᠦᠷᠭᠡᠨ ᠬᠢᠬᠦ ᠶᠢ ᠴᠢᠩᠭ᠎ᠠ ᠠᠳᠬᠤᠨ ᠠᠬᠢᠭᠤᠯᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠶᠢ | ᠭᠠᠷᠭᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠠᠵᠤ | ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠴᠢ ᠶᠢᠨ ᠰᠠᠶᠢᠨ ᠰᠠᠶᠢᠬᠠᠨ ᠳᠦᠷᠢ | ᠲᠥᠷᠬᠦ ᠶᠢ ᠪᠣᠶ ᠪᠣᠯᠭᠠᠪᠠ ᠃ | ᠠᠳᠡ ᠪᠢ ᠪᠠᠰᠠ ᠰᠣᠨᠢᠨ ᠮᠡᠳᠡᠭᠡᠨ ᠤ ᠡᠲᠡᠭᠡᠳ ᠤᠨ ᠨᠠᠶᠢᠵᠠ ᠨᠠᠷ ᠤᠨ ᠥᠩᠭᠡᠷᠡᠭᠰᠡᠨ ᠲᠠᠢ ᠪᠠᠨ ᠠᠳᠠᠯᠢ ᠪᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠩᠬᠠᠷᠤᠨ ᠬᠠᠯᠠᠮᠵᠢᠯᠠᠵᠤ ᠂ ᠪᠢᠳᠡᠨ ᠤ ᠠᠵᠢᠯ ᠢᠶᠠᠨ ᠨᠡᠩ | ᠰᠠᠶᠢᠨ ᠬᠢᠬᠦ ᠳᠤ ᠬᠠᠪᠰᠤᠷᠤᠨ ᠬᠢᠨᠠᠯᠲᠠ ᠲᠠᠯᠪᠢᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠃ | ᠤᠯᠠᠨ ᠳᠤ ᠪᠠᠶᠠᠷᠯᠠᠯ᠎ᠠ︕ | | ᠰᠣᠨᠢᠨ ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ︽ᠠᠷᠠᠳ ᠤᠨ ᠰᠠᠨᠠᠭ᠎ᠠ ᠶᠢ | ᠣᠶᠢᠯᠠᠭᠠᠬᠤ᠂ ᠠᠷᠠᠳ ᠤᠨ ᠵᠣᠪᠠᠨᠢᠯ ᠢ ᠲᠠᠶᠢᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ | ᠰᠡᠳᠬᠢᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠳᠤ᠂ ︽ᠦᠨᠡᠮᠯᠡᠯ ᠠᠴᠠ | ᠬᠡᠯᠲᠦᠷᠢᠭᠦᠯᠦᠨ ᠭᠦᠢᠴᠡᠳᠭᠡᠬᠦ ︾ ᠦᠢᠯᠡᠴᠢᠯᠡᠭᠡ ᠶᠢ ᠬᠦᠴᠦᠯᠡᠨ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | ᠲᠡᠭᠡᠪᠡᠯ ᠶᠠᠭᠤ ᠶᠢ ︽ᠦᠨᠡᠮᠯᠡᠯ ᠠᠴᠠ ᠬᠡᠯᠲᠦᠷᠢᠭᠦᠯᠦᠨ ᠭᠦᠢᠴᠡᠳᠭᠡᠬᠦ︾ ᠦᠢᠯᠡᠴᠢᠯᠡᠭᠡ ᠭᠡᠬᠦ ᠪᠣᠶ︖ ᠡᠨᠡ ᠬᠦ | ᠦᠢᠯᠡᠴᠢᠯᠡᠭᠡ ᠶᠢ ᠲᠦᠯᠬᠢᠨ ᠭᠠᠷᠭᠠᠪᠠᠯ ᠠᠵᠤ ᠠᠬᠤᠶᠢᠯᠠᠯ ᠤᠨ ᠣᠯᠠᠨ ᠲᠦᠮᠡᠨ ᠳᠤ ᠶᠠᠮᠠᠷ ᠶᠠᠮᠠᠷ ᠲᠥᠬᠦᠮ | ᠦᠵᠡᠭᠦᠯᠬᠦ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯᠧᠺᠲᠷᠣᠨ | ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠣᠴᠢ᠄ ︽ᠦᠨᠡᠮᠯᠡᠯ ᠠᠴᠠ ᠬᠡᠯᠲᠦᠷᠢᠭᠦᠯᠦᠨ ᠭᠦᠢᠴᠡᠳᠭᠡᠬᠦ︾ | ᠦᠢᠯᠡᠴᠢᠯᠡᠭᠡ ᠭᠡᠳᠡᠭ ᠨᠢ ᠬᠤᠪᠢ ᠬᠥᠮᠥᠨ ᠪᠤᠶᠤ ᠠᠵᠤ ᠠᠬᠤᠶᠢᠯᠠᠯ ᠤᠨ ︽ᠥᠪᠥᠷ ᠮᠣᠩᠭᠤᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠡᠭᠡᠷ᠎ᠡ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ | ᠭᠠᠳᠠᠭᠰᠢ ᠬᠠᠩᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠭᠤᠶᠤᠴᠢᠯᠠᠭᠰᠠᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠪᠠᠭᠲᠠᠨ᠎ᠠ︶ ᠢ | ᠭᠤᠶᠤᠴᠢᠯᠠᠨ ᠭᠦᠢᠴᠡᠳᠬᠡᠬᠦ ᠦᠶ᠎ᠡ ᠳᠤ᠂ ᠬᠤᠪᠢ ᠬᠥᠮᠥᠨ ᠪᠤᠶᠤ ᠠᠵᠤ ᠠᠬᠤᠶᠢᠯᠠᠯ ᠤᠨ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠂ ᠣᠷᠣᠯᠠᠭᠴᠢ ᠨᠢ ᠵᠥᠪᠬᠡᠨ ᠵᠢᠰᠦ ᠪᠠᠨ ᠦᠵᠡᠭᠦᠯᠬᠦ ᠪᠠᠷ ᠲᠠᠮᠵᠢᠪᠠᠯ ᠳᠠᠷᠤᠢ ᠬᠤᠪᠢ | ᠬᠥᠮᠥᠨ ᠪᠤᠶᠤ ᠠᠵᠤ ᠠᠬᠤᠶᠢᠯᠠᠯ ᠤᠨ ᠨᠢᠭᠡᠨᠲᠡ ᠡᠯᠧᠺᠲ᠋ᠣᠷᠣᠨᠴᠢᠯᠠᠭᠰᠠᠨ ᠪᠣᠳᠠᠲᠤ ᠴᠣᠭᠴᠠ ᠶᠢᠨ ᠦᠨᠡᠮᠯᠡᠯ ᠢ ᠡᠯ᠎ᠡ | ᠱᠠᠲᠤᠨ ᠤ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠡᠷᠬᠡ ᠣᠯᠭᠤᠨ ᠬᠡᠷᠡᠭ | ᠡᠷᠬᠢᠯᠡᠬᠦ ᠶᠢ ᠭᠤᠶᠤᠴᠢᠯᠠᠬᠤ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠳᠤ ᠬᠡᠷᠡᠭᠯᠡᠭᠦᠯᠵᠦ ᠂ ᠡᠷᠬᠡᠪᠰᠢ ᠴᠠᠭᠠᠰᠤᠨ | ᠦᠨᠡᠮᠯᠡᠯ ᠤᠨ ᠤᠭ ᠮᠠᠲ᠋ᠧᠷᠢᠶᠠᠯ ᠪᠤᠶᠤ ᠪᠠᠭᠤᠯᠭᠠᠪᠤᠷᠢ ᠶᠢ ᠲᠤᠰᠢᠶᠠᠬᠤ ᠶᠠᠷᠰᠢᠭ ᠲᠦᠪᠡᠭ ᠢ ᠠᠷᠢᠯᠭᠠᠪᠠ︔ ᠡᠯ᠎ᠡ | ᠱᠠᠲᠤᠨ ᠤ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ | ᠬᠤᠭᠤᠷᠣᠨᠳᠣᠬᠢ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ | ᠭᠤᠶᠤᠴᠢᠯᠠᠭᠴᠢ ᠶᠢᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠬᠢᠨᠠᠨ ᠰᠢᠯᠭᠠᠵᠤ᠂ ᠭᠡᠷᠡᠴᠢ | ᠦᠨᠡᠮᠯᠡᠯ ᠤᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ ᠢ ᠪᠠᠲᠤᠯᠠᠭᠰᠠᠨ ᠮᠥᠷᠲᠡᠭᠡᠨ ᠠᠵᠤ ᠠᠬᠤᠶᠢᠯᠠᠯ ᠤᠨ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠴᠤ ᠰᠢᠯᠢᠳᠡᠭᠵᠢᠭᠦᠯᠵᠡᠢ᠃ | ᠣᠶᠢᠷ᠎ᠠ ᠶᠢᠨ ᠵᠢᠯ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ | ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠴᠢᠳᠠᠮᠵᠢ ᠪᠠ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ | ᠰᠠᠯᠠᠭ᠎ᠠ ᠮᠥᠴᠢᠷ ᠤᠨ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ ᠵᠢᠴᠢ ᠬᠠᠮᠲᠤᠪᠠᠷ | ᠭᠥᠷᠳᠡᠵᠦ ᠬᠡᠷᠡᠭᠯᠡᠬᠦ ᠶᠢ ᠢᠳᠡᠪᠬᠢᠲᠡᠢ ᠠᠬᠢᠭᠤᠯᠤᠨ᠂ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠳᠤ᠂ | ᠨᠢᠭᠡᠨᠲᠡ ᠪᠥᠬᠦ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ᠂ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠪᠠᠷᠢᠮᠲᠠ᠂ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ 640 ᠭᠠᠷᠤᠢ ᠲᠥᠷᠥᠯ᠂ 6980 ᠲᠦᠮᠡᠨ ᠵᠤᠷᠪᠤᠰ | ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠨᠡᠶᠢᠲᠡ ᠬᠠᠮᠲᠤ ᠪᠠᠷ ᠡᠳ᠋ᠯᠡᠵᠦ ᠬᠡᠷᠡᠭᠯᠡᠭᠰᠡᠨ | ᠬᠡᠮᠵᠢᠶ᠎ᠡ 11 ᠳ᠋ᠦᠩᠰᠢᠭᠤᠷ ᠤᠳᠠᠭ᠎ᠠ ᠶᠢ ᠳᠠᠪᠠᠵᠤ᠂ ᠠᠵᠤ ᠠᠬᠤᠶᠢᠯᠠᠯ ᠪᠠ ᠣᠯᠠᠨ ᠲᠦᠮᠡᠨ ︽ ᠮᠧᠩ ᠰᠦ ᠪᠠᠨ ︾ | ᠰᠢᠯᠵᠢᠮᠡᠯ ᠦᠵᠦᠭᠦᠷ ᠪᠠ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ | ᠢᠶᠠᠷ ᠳᠠᠮᠵᠢᠭᠤᠯᠤᠨ ᠥᠪᠡᠷ ᠤᠨ ᠡᠯᠧᠺᠲᠷᠣᠨ ᠭᠡᠷᠡᠴᠢ ᠦᠨᠡᠮᠯᠡᠯ ᠢᠶᠠᠨ ᠪᠠᠶᠢᠴᠠᠭᠠᠨ ᠦᠵᠡᠵᠦ ᠪᠠᠭᠤᠯᠭᠠᠨ ᠠᠪᠴᠤ | ᠪᠣᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠦᠨᠡᠮᠯᠡᠯ ᠠᠴᠠ ᠬᠡᠯᠲᠦᠷᠢᠭᠦᠯᠦᠨ | ᠭᠦᠢᠴᠡᠳᠭᠡᠬᠦ︾ ᠠᠵᠢᠯ ᠢ ᠴᠤ 2023 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠭᠰᠠᠭᠠᠭᠳᠠᠵᠤ᠂ ᠡᠨᠡ ᠵᠢᠯ ᠤᠨ | 2 ᠰᠠᠷ᠎ᠠ ᠠᠴᠠ ᠨᠠᠭᠠᠰᠢ ᠂ ᠪᠥᠬᠦ ᠣᠷᠣᠨ ᠳᠤ ︽ᠦᠨᠡᠮᠯᠡᠯ ᠠᠴᠠ ᠬᠡᠯᠲᠦᠷᠢᠭᠦᠯᠦᠨ ᠭᠦᠢᠴᠡᠳᠭᠡᠬᠦ ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡ 12.4 ᠲᠦᠮᠡᠨ ᠵᠦᠢᠯ ᠨᠡᠶᠢᠲᠡᠯᠡᠵᠦ᠂ ᠠᠵᠢᠯ ᠣᠯᠭᠤᠬᠤ ᠪᠠ | ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠰᠣᠶᠣᠯ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ᠂ | ᠵᠠᠮ ᠬᠠᠷᠢᠯᠴᠠᠭ᠎ᠠ ᠲᠡᠭᠡᠭᠡᠪᠦᠷᠢ᠂ ᠡᠵᠡᠩᠨᠡᠬᠦ ᠶᠢ ᠵᠥᠪᠰᠢᠶᠡᠷᠡᠬᠦ ᠪᠠ ᠵᠥᠪᠰᠢᠶᠡᠷᠡᠨ ᠣᠷᠣᠭᠤᠯᠬᠤ ᠵᠡᠷᠭᠡ ᠣᠯᠠᠨ ᠬᠦᠷᠢᠶ᠎ᠡ | ᠴᠠᠷᠠᠭ᠎ᠠ ᠳᠤ ᠬᠤᠯᠪᠣᠭᠳᠠᠨ᠂ 5.2 ᠲᠦᠮᠡᠨ ᠵᠦᠢᠯ ᠢ ᠪᠣᠳᠠᠲᠠᠢ ᠭᠦᠢᠴᠡᠳᠬᠡᠵᠦ᠂ ᠠᠷᠠᠳ ᠲᠤ ᠪᠣᠳᠠᠲᠠᠢ ᠶᠠᠪᠤᠳᠠᠯ | ᠬᠢᠵᠦ ᠥᠭᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠦᠢᠯᠡᠴᠢᠯᠡᠬᠦ ᠶᠢ ᠦᠨᠡᠨᠬᠦ ᠪᠡᠶᠡᠯᠡᠭᠦᠯᠵᠡᠢ᠃ | ᠡᠯᠧᠺᠲᠷᠣᠨ ᠦᠨᠡᠮᠯᠡᠯ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠥᠨᠳᠥᠷ ᠪᠦᠲᠦᠮᠵᠢᠲᠡᠢ ᠪᠠᠷ ᠠᠵᠢᠯᠯᠠᠬᠤ ᠶᠢ ᠲᠤᠯᠭᠠᠭᠤᠷᠢᠯᠠᠬᠤ ᠰᠠᠭᠤᠷᠢ ᠲᠤᠭ᠎ᠠ ᠪᠠᠷᠢᠮᠲᠠ ᠶᠢᠨ | ᠨᠢᠭᠡ ᠪᠣᠯᠣᠨ᠎ᠠ ᠂ ᠪᠢᠳᠡ ᠦᠷᠭᠦᠯᠵᠢᠯᠡᠨ ᠵᠠᠮ ᠨᠡᠭᠡᠭᠡᠨ ᠰᠢᠨ᠎ᠡ ᠶᠢ ᠡᠭᠦᠳᠴᠦ ᠂ ᠲᠣᠭᠠᠴᠢᠯᠠᠭᠰᠠᠨ ᠠᠷᠭ᠎ᠠ ᠪᠠᠷᠢᠯ ᠢ | ᠭᠦᠢᠴᠡᠳ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠵᠦ ᠂ ᠵᠠᠰᠠᠭ ᠤᠨ ᠣᠷᠳᠣᠨ ᠤ ᠵᠠᠰᠠᠯᠲᠠ ᠶᠢᠨ ᠰᠢᠨ᠎ᠡ ᠶᠢ ᠡᠭᠦᠳᠬᠦ ᠂ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠠᠭ ᠢ ᠤᠷᠲᠤᠳᠬᠠᠬᠤ ᠦᠢᠯᠡᠴᠢᠯᠡᠭᠡ ᠶᠢ ᠲᠦᠯᠬᠢᠨ ᠠᠬᠢᠭᠤᠯᠬᠤ ᠳᠤ | ᠶᠠᠮᠠᠷ ᠶᠠᠮᠠᠷ ᠪᠣᠲᠠᠲᠠᠢ ᠠᠵᠢᠯ ᠬᠢᠭᠰᠡᠨ ᠪᠣᠢ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠬᠢᠯᠡᠭᠴᠢ ᠵᠧᠩ ᠴᠢᠩ᠄ ︽ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠬᠤ ᠶᠢ ᠲᠦᠯᠬᠢᠨ | ᠠᠬᠢᠭᠤᠯᠬᠤ︾ ᠪᠣᠯ 2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ | ᠡᠭᠦᠷᠭᠡ ᠶᠢᠨ ᠨᠢᠭᠡ ᠪᠣᠯᠬᠤ ᠪᠥᠭᠡᠳ ︽ᠠᠷᠠᠳ ᠤᠨ ᠠᠮᠢᠳᠤᠷᠠᠯ ᠤᠨ 43 ᠵᠦᠢᠯ ᠤᠨ ᠪᠣᠳᠠᠲᠤ ᠶᠠᠪᠤᠳᠠᠯ ᠤᠨ | ᠲᠥᠷᠥᠯ ᠵᠦᠢᠯ︾ ᠤᠨ ᠨᠢᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠨᠢ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠠᠷᠠᠳ ᠲᠤ ᠳᠦᠭᠦᠮ | ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ | ᠶᠠᠰᠤ ᠴᠢᠨᠠᠷ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠠᠭ ᠢ ᠤᠷᠲᠤᠳᠬᠠᠬᠤ ᠦᠢᠯᠡᠴᠢᠯᠡᠭᠡ ᠶᠢ ᠲᠦᠯᠬᠢᠨ ᠠᠬᠢᠭᠤᠯᠪᠠ᠃ | ᠨᠢᠭᠡ ᠳᠤ 7 ᠰᠠᠷ᠎ᠠ ᠳᠤ ︽ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠴᠠᠭ ᠢ ᠤᠷᠲᠤᠳᠬᠠᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠠᠭ ᠢ | ᠤᠷᠲᠤᠳᠬᠠᠬᠤ ᠦᠢᠯᠡᠴᠢᠯᠡᠭᠡᠨ ᠤ ᠴᠠᠭ ᠵᠢᠴᠢ ᠦᠢᠯᠡᠴᠢᠯᠡᠭᠡᠨ ᠤ ᠵᠠᠭᠪᠤᠷ ᠢ ᠨᠢᠭᠡᠳᠬᠡᠵᠦ᠂ ᠭᠠᠷᠠᠭ ᠤᠨ ᠵᠢᠷᠭᠤᠭᠠᠨ᠂ | ᠭᠠᠷᠠᠭ ᠤᠨ ᠡᠳᠦᠷ ᠤᠨ ᠦᠳᠡ ᠶᠢᠨ ᠡᠮᠦᠨ᠎ᠡ 9᠄ 00 ︱ 12᠄ 00 ᠴᠠᠭ ᠲᠤ ᠭᠠᠷᠠᠭ ᠤᠨ ᠰᠡᠭᠦᠯᠴᠢ ᠶᠢᠨ | ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠪᠣᠯᠵᠤᠭ᠎ᠠ ᠦᠭᠡᠢ ᠴᠦ ᠭᠡᠰᠡᠨ ᠭᠦᠢᠴᠡᠳᠬᠡᠵᠦ ᠪᠣᠯᠣᠨ᠎ᠠ᠃ | ᠬᠤᠶᠠᠷ ᠲᠤ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠨᠣᠷᠮ᠎ᠠ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠲᠠᠢ ᠣᠶᠢᠷᠠᠯᠴᠠᠭ᠎ᠠ ᠥᠨᠳᠥᠷ ᠳᠠᠪᠲᠠᠮᠵᠢ ᠲᠠᠢ ᠵᠦᠢᠯᠡᠰ ᠢ | ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠬᠤ ᠦᠢᠯᠡᠴᠢᠯᠡᠭᠡᠨ ᠤ ᠬᠡᠪᠴᠢᠶᠡᠨ ᠳᠤ ᠪᠥᠬᠦ ᠲᠠᠯ᠎ᠠ ᠪᠠᠷ | ᠣᠷᠣᠭᠤᠯᠵᠤ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ᠂ ᠢᠳᠡᠭᠡᠨ ᠵᠡᠷᠭᠡ ᠬᠦᠷᠢᠶ᠎ᠡ ᠴᠠᠷᠠᠭᠠᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠬᠤ ᠦᠢᠯᠡᠴᠢᠯᠡᠭᠡᠨ ᠢ ᠨᠡᠶᠢᠳᠡᠮ | ᠬᠠᠮᠤᠷᠬᠤ ᠶᠢ ᠪᠡᠶᠡᠯᠡᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠠᠭ ᠢ | ᠤᠷᠲᠤᠳᠬᠠᠬᠤ ᠦᠢᠯᠡᠴᠢᠯᠡᠭᠡᠨ ᠤ ᠵᠦᠢᠯᠡᠰ ᠨᠢ ᠡᠷᠬᠡ ᠣᠯᠭᠤᠵᠤ ᠣᠷᠣᠵᠤ ᠰᠠᠭᠤᠬᠤ ᠵᠦᠢᠯᠡᠰ ᠤᠨ 90% ᠶᠢ | ᠡᠵᠡᠯᠡᠪᠡ᠃ ᠭᠤᠷᠪᠠ ᠳᠤ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠴᠠᠭ ᠢ ᠤᠷᠲᠤᠳᠬᠠᠬᠤ ᠦᠢᠯᠡᠴᠢᠯᠡᠭᠡᠨ ᠤ ᠠᠵᠢᠯ ᠢ ᠰᠠᠷ᠎ᠠ ᠪᠠᠷ ᠲᠣᠬᠢᠷᠠᠭᠤᠯᠵᠤ᠂ ᠲᠤᠰᠬᠠᠢ ᠬᠥᠮᠥᠨ ᠲᠣᠬᠢᠷᠠᠭᠤᠯᠤᠨ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠤᠷᠢᠳᠴᠢᠯᠠᠨ ᠪᠣᠯᠵᠣᠬᠤ ᠯᠠᠪᠯᠠᠯᠲᠠ ᠶᠢᠨ | ᠤᠲᠠᠰᠤ ᠶᠢ ᠲᠠᠰᠢᠷᠠᠮ ᠢᠶᠠᠷ ᠤᠲᠠᠰᠤᠳᠠᠵᠤ᠂ ᠴᠠᠭ ᠢ ᠤᠷᠲᠤᠳᠬᠠᠬᠤ ᠦᠢᠯᠡᠴᠢᠯᠡᠭᠡ ᠶᠢ ᠬᠡᠷᠡᠭᠵᠢᠭᠦᠯᠦᠭᠰᠡᠨ ᠪᠠᠶᠢᠳᠠᠯ | ᠢ ᠰᠤᠭᠤᠴᠢᠨ ᠪᠠᠶᠢᠴᠠᠭᠠᠵᠤ᠂ ᠨᠠᠷᠢᠨ ᠲᠠᠩᠰᠠᠴᠢᠯᠠᠭᠰᠠᠨ ᠲᠣᠬᠢᠷᠠᠭᠤᠯᠤᠯᠲᠠ ᠶᠢᠨ ᠡᠬᠡ ᠲᠠᠩᠰᠠ ᠶᠢ ᠪᠣᠶ ᠪᠣᠯᠭᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠴᠠᠭ ᠢ | ᠤᠷᠲᠤᠳᠬᠠᠬᠤ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠣᠳᠣ ᠪᠣᠯᠲᠠᠯ᠎ᠠ᠂ ᠪᠥᠬᠦ ᠣᠷᠣᠨ ᠳᠤ ᠨᠢᠭᠡᠨᠲᠡ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠢ | 16.4 ᠲᠦᠮᠡ ᠭᠠᠷᠤᠢ ᠨᠡᠶᠢᠲᠡᠯᠡᠵᠦ᠂ ᠵᠦᠢᠯᠡᠰ ᠤᠨ ᠲᠤᠭ᠎ᠠ ᠶᠢᠨ ᠠᠳᠠᠯᠢ ᠬᠤᠭᠤᠴᠠᠭᠠᠨ ᠤ ᠬᠢ ᠠᠴᠠ ᠴᠠᠭ ᠢ | ᠤᠷᠲᠤᠳᠬᠠᠬᠤ ᠦᠢᠯᠡᠴᠢᠯᠡᠭᠡ ᠶᠢ ᠥᠷᠨᠢᠭᠦᠯᠦᠭᠰᠡᠨ ᠡᠬᠢᠨ ᠤ ᠬᠤᠭᠤᠴᠠᠭᠠᠨ ᠳᠤ 104924 ᠵᠦᠢᠯ ᠨᠡᠮᠡᠭᠳᠡᠨ᠂ | 176.5% ᠪᠠᠷ ᠳᠡᠭᠡᠭᠰᠢᠯᠡᠵᠦ᠂ ᠴᠠᠭ ᠢ ᠤᠷᠲᠤᠳᠬᠠᠬᠤ ᠦᠢᠯᠡᠴᠢᠯᠡᠭᠡ ᠶᠢ ᠨᠡᠶᠢᠲᠡ 28 ᠲᠦᠮᠡ ᠭᠠᠷᠤᠢ ᠤᠳᠠᠭ᠎ᠠ | ᠬᠠᠩᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠠᠴᠠ ᠡᠷᠬᠡ ᠣᠯᠭᠤᠨ ᠣᠷᠣᠵᠤ ᠰᠠᠭᠤᠭᠰᠠᠨ 1577 ᠵᠦᠢᠯ ᠤᠨ ᠵᠦᠢᠯᠡᠰ ᠢ ᠨᠢᠭᠡᠨᠲᠡ | ᠪᠦᠬᠦᠨ ᠢ ᠴᠠᠭ ᠢ ᠤᠷᠲᠤᠳᠬᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠᠨ ᠳᠤ ᠣᠷᠣᠭᠤᠯᠵᠤ᠂ ᠴᠠᠭ ᠢ | ᠤᠷᠲᠤᠳᠬᠠᠬᠤ ᠦᠢᠯᠡᠴᠢᠯᠡᠭᠡ ᠶᠢ ᠨᠡᠶᠢᠲᠡ 791 ᠬᠤᠪᠢ ᠭᠦᠢᠴᠡᠳᠬᠡᠵᠦ᠂ ᠥᠨᠳᠥᠷ ᠳᠠᠪᠲᠠᠮᠵᠢᠲᠤ ᠵᠦᠢᠯᠡᠰ ᠨᠢ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ᠂ ᠵᠢᠭᠡᠯᠡᠯᠭᠡ ᠥᠭᠬᠦ᠂ ᠡᠮ ᠡᠮᠨᠡᠯᠭᠡ ᠶᠢᠨ | ᠳᠠᠭᠠᠳᠬᠠᠯ ᠤᠨ ᠣᠨᠳᠣᠣ ᠭᠠᠵᠠᠷ ᠲᠤ ᠡᠮᠨᠡᠭᠦᠯᠬᠦ ᠶᠢ ᠳᠠᠩᠰᠠᠯᠠᠬᠤ ᠵᠡᠷᠭᠡ ᠪᠣᠯᠣᠨ᠎ᠠ᠃ | ᠰᠢᠨᠬᠤᠸᠠ ᠰᠦᠯᠵᠢᠶᠡᠨ ᠤ ᠰᠤᠷᠪᠤᠯᠵᠢᠯᠠᠭᠴᠢ᠄ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ | ᠥᠭᠡᠷᠡᠴᠢᠯᠡᠯᠲᠡ ᠶᠢᠨ ᠠᠴᠢ ᠬᠤᠯᠪᠣᠭᠳᠠᠯ᠂ ᠠᠬᠤᠢ ᠪᠠᠶᠢᠳᠠᠯ ᠪᠠ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠬᠤ ᠠᠷᠭ᠎ᠠ ᠬᠡᠮᠵᠢᠶ᠎ᠡ᠂ ᠦᠷ᠎ᠡ ᠪᠦᠲᠦᠮᠵᠢ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠲᠥᠬᠦᠮ | ᠲᠠᠨᠢᠯᠴᠠᠭᠤᠯᠤᠭᠠᠷᠠᠢ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠠᠭᠤᠯᠭᠠᠬᠤ | ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠠᠬᠢᠭᠤᠯᠬᠤ ᠭᠠᠵᠠᠷ ᠤᠨ ᠳᠡᠳ᠋ ᠳᠠᠷᠤᠭ᠎ᠠ ᠵᠤᠸᠠᠩ ᠸᠠᠨ ᠷᠦ᠋ ᠄ ︽ᠪᠥᠬᠦ | ᠣᠷᠣᠨ ᠤ ᠨᠡᠶᠢᠳᠡᠮ ᠭᠦᠢᠴᠡᠳᠬᠡᠬᠦ︾ ᠭᠡᠳᠡᠭ ᠨᠢ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ | ︵ᠠᠷᠠᠳ ᠲᠤ ᠲᠥᠬᠦᠮ ᠦᠵᠡᠭᠦᠯᠬᠦ︶ ᠤᠨ ᠦᠢᠯᠡᠴᠢᠯᠡᠭᠡᠨ ᠤ ᠲᠥᠪ ᠤᠨ ᠨᠡᠶᠢᠳᠡᠮ ᠭᠦᠢᠴᠡᠳᠬᠡᠬᠦ ᠴᠣᠩᠬᠤᠨ ᠳᠤ | ᠲᠦᠰᠢᠭᠯᠡᠨ᠂ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠲᠠᠰ ᠳᠠᠪᠬᠤᠷᠭ᠎ᠠ ᠶᠢᠨ ᠡᠷᠬᠡ ᠮᠡᠳᠡᠯ ᠢ ᠰᠢᠪᠲᠤᠯᠵᠤ᠂ | ᠣᠶᠢᠷ᠎ᠠ ᠬᠠᠪᠢ ᠳᠠᠭᠠᠨ ᠮᠠᠲ᠋ᠧᠷᠢᠶᠠᠯ ᠲᠤᠰᠢᠶᠠᠬᠤ᠂ ᠣᠨᠳᠣᠣ ᠭᠠᠵᠠᠷ ᠲᠤ ᠰᠢᠯᠵᠢᠭᠦᠯᠦᠨ ᠭᠦᠢᠴᠡᠳᠬᠡᠬᠦ ᠶᠢ | ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠪᠥᠬᠦ ᠣᠷᠣᠨ ᠤ ᠬᠡᠪᠴᠢᠶᠡᠨ ᠳᠤ ᠣᠶᠢᠷ᠎ᠠ ᠬᠠᠪᠢ ᠳᠠᠭᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠰᠣᠩᠭᠤᠨ ᠨᠡᠶᠢᠳᠡᠮ ᠭᠦᠢᠴᠡᠳᠬᠡᠬᠦ ᠵᠦᠢᠯᠡᠰ ᠤᠨ | ᠭᠦᠢᠴᠡᠳᠬᠡᠬᠦ ᠶᠢ ᠵᠢᠭᠠᠨ᠎ᠠ᠃ ︽ᠪᠥᠬᠦ ᠣᠷᠣᠨ ᠤ ᠨᠡᠶᠢᠳᠡᠮ ᠭᠦᠢᠴᠡᠳᠬᠡᠬᠦ︾ ᠤᠨ ᠥᠭᠡᠷᠡᠴᠢᠯᠡᠯᠲᠡ ᠶᠢ | ᠬᠡᠷᠡᠭᠵᠢᠭᠦᠯᠬᠦ ᠨᠢ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷᠴᠢᠯᠡᠬᠦ | ᠬᠠᠤᠯᠢᠵᠢᠭᠤᠯᠬᠤ ᠳᠡᠯᠡᠬᠡᠶᠢᠴᠢᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠬᠤ᠂ ᠪᠥᠬᠦ ᠣᠷᠣᠨ ᠤ | ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠣᠶᠢᠷ᠎ᠠ ᠶᠢᠨ ᠵᠢᠯ ᠤᠳ ᠲᠤ᠂ ᠪᠥᠬᠦ ᠣᠷᠣᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠦᠯᠵᠢᠶᠡᠨ | ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠭᠦᠢᠴᠡᠳᠬᠡᠬᠦ︾ ︽ᠨᠢᠭᠡ ᠯᠡ ᠤᠳᠠᠭ᠎ᠠ ᠳᠤ ᠭᠦᠢᠴᠡᠳᠬᠡᠬᠦ︾ | ︽ᠲᠠᠨ ᠢ ᠬᠠᠪᠰᠤᠷᠤᠨ ᠭᠦᠢᠴᠡᠳᠬᠡᠬᠦ︾ ᠳᠥᠷᠪᠡ ᠶᠢ ᠭᠦᠢᠴᠡᠳᠬᠡᠬᠦ ᠥᠭᠡᠷᠡᠴᠢᠯᠡᠯᠲᠡ ᠶᠢ ᠶᠡᠬᠡᠪᠡᠷ ᠶᠠᠪᠤᠭᠳᠠᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠲᠠᠯ᠎ᠠ ᠪᠠᠷ | ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ ᠠᠵᠤ ᠠᠬᠤᠶᠢᠯᠠᠯ ᠪᠠ ᠣᠯᠠᠨ ᠲᠦᠮᠡᠨ ᠤ ᠣᠷᠣᠨ ᠪᠦᠰᠡ | ᠠᠯᠤᠰᠯᠠᠨ ᠠᠵᠢᠯ ᠶᠠᠪᠤᠳᠠᠯ ᠭᠦᠢᠴᠡᠳᠬᠡᠬᠦ ᠲᠠᠯ᠎ᠠ ᠪᠠᠷ ᠪᠠᠰᠠ ᠬᠦᠴᠢᠷᠳᠡᠯ ᠲᠠᠢ ᠭᠠᠵᠠᠷ᠂ ᠡᠪᠡᠷᠰᠢᠶᠡᠯ ᠲᠠᠢ ᠭᠠᠵᠠᠷ | ᠣᠷᠣᠰᠢᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠰᠢᠯᠢᠳᠡᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠣᠷᠣᠨ ᠪᠦᠰᠡ ᠠᠯᠤᠰᠯᠠᠨ ᠨᠡᠶᠢᠳᠡᠮ | ᠭᠦᠢᠴᠡᠳᠬᠡᠬᠦ︾ ᠠᠵᠢᠯ ᠢ ᠲᠦᠯᠬᠢᠨ ᠠᠬᠢᠭᠤᠯᠵᠤ᠂ 2023 ᠣᠨ ᠳᠤ ᠲᠦᠷ ᠴᠠᠭ ᠤᠨ ᠪᠡᠶ᠎ᠡ ᠶᠢᠨ ᠦᠨᠡᠮᠯᠡᠯ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠵᠡᠷᠭᠡ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠭᠡᠪᠡᠴᠦ᠂ ᠡᠨᠡ ᠬᠦ | ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠣᠯᠠᠨ᠂ ᠰᠢᠰᠲ᠋ᠧᠮ ᠣᠯᠠᠨ᠂ ᠡᠭᠦᠷᠭᠡ ᠬᠦᠨᠳᠦ᠂ | ᠬᠦᠴᠢᠷᠳᠡᠯ ᠶᠡᠭᠡ ᠪᠥᠭᠡᠳ ᠬᠡᠷᠡᠭ ᠶᠠᠪᠤᠳᠠᠯ ᠤᠨ ᠪᠠᠷᠢᠮᠵᠢᠶ᠎ᠠ ᠨᠢ ᠨᠢᠭᠡᠳᠦᠯ ᠦᠭᠡᠢ᠂ ᠬᠡᠷᠡᠭᠵᠢᠭᠦᠯᠬᠦ ᠲᠠᠰ ᠳᠠᠪᠬᠤᠷᠭ᠎ᠠ | ᠨᠢ ᠣᠯᠠᠨ ᠪᠣᠯᠬᠤᠷ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ | ᠰᠠᠯᠠᠭ᠎ᠠ ᠮᠥᠴᠢᠷ ᠲᠣᠰ ᠬᠦᠷᠢᠶ᠎ᠡ ᠴᠠᠷᠠᠭᠠᠨ ᠳᠠᠬᠢ ︽ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ᠂ ᠰᠢᠶᠠᠩ ᠪᠠᠯᠭᠠᠰᠤ︾ ᠳᠥᠷᠪᠡᠨ ᠱᠠᠲᠤᠨ ᠤ ᠤᠴᠢᠷ ᠶᠠᠪᠤᠳᠠᠯ ᠤᠨ ᠨᠢᠭᠡᠳᠦᠯᠲᠡᠢ ᠪᠠᠷᠢᠮᠵᠢᠶ᠎ᠠ ᠶᠢ ᠡᠮᠬᠢᠯᠡᠨ | ᠲᠣᠭᠲᠠᠭᠠᠪᠠᠯ ᠰᠠᠶ᠋ᠢ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ ᠶᠢ ᠪᠡᠶᠡᠯᠡᠭᠦᠯᠵᠦ ᠴᠢᠳᠠᠨ᠎ᠠ᠃ ᠡᠭᠦᠨ ᠤ | ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ | ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠡᠭᠡᠭᠰᠢ ᠪᠠᠨ ᠵᠣᠯᠭᠠᠭᠤᠯᠬᠤ᠂ | ᠳᠣᠷᠣᠭᠰᠢ ᠪᠠᠨ ᠵᠣᠬᠢᠴᠠᠭᠤᠯᠬᠤ᠂ ᠵᠡᠭᠦᠨᠰᠢ ᠪᠠᠷᠠᠭᠤᠨᠰᠢ ᠬᠠᠮᠵᠢᠯᠴᠠᠬᠤ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ | ᠬᠢᠵᠦ᠂ ︽ᠪᠣᠳᠠᠲᠠᠢ ᠪᠠᠷ ᠠᠳᠬᠤᠬᠤ᠂ ᠠᠳᠬᠤᠬᠤ ᠶᠢ ᠪᠣᠲᠠᠲᠠᠶᠢᠵᠢᠭᠤᠯᠬᠤ ᠂ ᠡᠴᠦᠰ ᠲᠤᠨᠢ ᠲᠤᠯᠲᠠᠯ᠎ᠠ ᠠᠳᠬᠤᠬᠤ᠂ | ᠪᠣᠳᠠᠲᠠᠢ ᠪᠠᠷ ᠨᠠᠶᠢᠳᠠᠪᠤᠷᠢᠵᠢᠭᠤᠯᠬᠤ ᠂ ᠪᠦᠬᠦᠨ ᠢ ᠬᠠᠮᠤᠷᠬᠤ︾ ᠶᠢ ᠪᠠᠷᠢᠮᠲᠠᠯᠠᠨ᠂ ᠬᠦᠴᠦᠨ ᠢᠶᠠᠨ ᠲᠥᠪᠯᠡᠷᠡᠭᠦᠯᠵᠦ᠂ | ᠣᠶᠤᠨ ᠴᠢᠳᠠᠯ ᠢᠶᠠᠨ ᠲᠥᠪᠯᠡᠷᠡᠭᠦᠯᠦᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠪᠥᠬᠦ ᠣᠷᠣᠨ ᠤ ᠨᠡᠶᠢᠳᠡᠮ | ᠭᠦᠢᠴᠡᠳᠭᠡᠬᠦ ︾ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠨᠢᠭᠡᠳᠦᠯᠲᠡᠢ | ᠲᠥᠯᠥᠪᠯᠡᠨ ᠠᠬᠢᠭᠤᠯᠪᠠ᠃ ᠣᠳᠣᠬᠠᠨ ᠳᠤ ᠂ ᠡᠯ᠎ᠡ ᠲᠠᠯ᠎ᠠ ᠶᠢᠨ ᠲᠤᠯᠭᠠᠭᠤᠷᠢᠯᠠᠬᠤ ᠡᠯᠧᠮᠧᠨ᠋ᠲ ᠨᠢᠭᠡᠨᠲᠡ ᠪᠦᠷᠢᠨ | ᠭᠦᠢᠴᠡᠳ ᠪᠣᠯᠪᠠ ᠃ ᠨᠢᠭᠡ ᠳᠤ ᠬᠡᠷᠡᠭ ᠶᠠᠪᠤᠳᠠᠯ ᠢ ᠡᠮᠬᠢᠯᠡᠨ ᠲᠢᠭᠯᠡᠬᠦ ᠶᠢ ᠪᠣᠲᠠᠲᠠᠶᠢᠵᠢᠭᠤᠯᠪᠠ ᠃ ︽ᠥᠨᠳᠥᠷ | ᠳᠠᠪᠲᠠᠮᠵᠢ ᠶᠢ ᠲᠡᠷᠢᠭᠦᠨ ᠳᠤ ᠲᠠᠯᠪᠢᠬᠤ︾ ︽ᠪᠠᠴᠢᠮ ᠬᠡᠷᠡᠭᠯᠡᠭᠡ ᠶᠢ ᠲᠡᠷᠢᠭᠦᠨ ᠳᠤ ᠲᠠᠯᠪᠢᠬᠤ︾ ᠵᠠᠷᠴᠢᠮ ᠢ | ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢᠨ ᠬᠠᠮᠠᠭᠠᠯᠠᠯᠲᠠ ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠡᠮᠴᠢᠯᠡᠭᠡᠨ ᠤ ᠳᠠᠭᠠᠳᠬᠠᠯ ᠵᠡᠷᠭᠡ 13 ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 3 ᠰᠠᠷ᠎ᠠ ᠭᠠᠷᠤᠢ ᠶᠢᠨ | ᠬᠤᠭᠤᠴᠠᠭᠠᠨ ᠳᠤ ᠡᠮᠬᠢᠯᠡᠨ ᠲᠢᠭᠯᠡᠭᠡᠳ 156 ᠵᠦᠢᠯ ᠤᠨ ︽ᠪᠥᠬᠦ ᠣᠷᠣᠨ ᠤ ᠨᠡᠶᠢᠳᠡᠮ ᠭᠦᠢᠴᠡᠳᠬᠡᠬᠦ︾ | ᠵᠦᠢᠯᠡᠰ ᠤᠨ ᠨᠠᠷᠢᠨ ᠬᠠᠭᠤᠳᠠᠰᠤ ᠪᠠ ᠶᠠᠪᠤᠴᠠ ᠶᠢᠨ ᠵᠢᠷᠤᠭ ᠤᠨ ᠥᠯᠢᠭᠡᠷ ᠳᠡᠪᠲᠡᠷ ᠢ ᠪᠣᠶ ᠪᠣᠯᠭᠠᠬᠤ ᠶᠢᠨ ᠬᠠᠮᠲᠤ | ᠢᠯᠡ ᠪᠠᠷ ᠨᠡᠶᠢᠲᠡᠯᠡᠵᠦ ᠬᠡᠷᠡᠭᠵᠢᠭᠦᠯᠪᠡ᠃ ᠬᠤᠶᠠᠷ ᠲᠤ ᠪᠠᠷᠢᠮᠵᠢᠶ᠎ᠠ ᠶᠢᠨ ᠵᠢᠷᠤᠮᠵᠢᠯ ᠢ ᠪᠣᠲᠠᠲᠠᠶᠢᠵᠢᠭᠤᠯᠪᠠ᠃ ᠠᠳᠠᠯᠢ | ᠨᠢᠭᠡᠨ ᠬᠡᠷᠡᠭ ᠶᠠᠪᠤᠳᠠᠯ ᠢ ᠭᠦᠢᠴᠡᠳᠬᠡᠭᠰᠡᠨ ᠪᠠᠶᠢᠳᠠᠯ ᠳᠤ ᠴᠢᠭᠯᠡᠭᠦᠯᠦᠨ᠂ ᠭᠤᠶᠤᠴᠢᠯᠠᠬᠤ ᠮᠠᠲ᠋ᠧᠷᠢᠶᠠᠯ᠂ ᠬᠢᠨᠠᠨ | ᠪᠠᠶᠢᠴᠠᠭᠠᠬᠤ ᠭᠤᠣᠯᠳᠠᠯᠭ᠎ᠠ᠂ ᠭᠦᠢᠴᠡᠳᠬᠡᠬᠦ ᠴᠠᠭ ᠤᠨ ᠬᠢᠵᠠᠭᠠᠷ᠂ ᠮᠠᠲ᠋ᠧᠷᠢᠶᠠᠯ ᠤᠨ ᠬᠡᠪ ᠵᠠᠭᠪᠤᠷ ᠵᠡᠷᠭᠡ ᠬᠦᠴᠦᠨ | ᠵᠦᠢᠯ ᠢ ᠪᠥᠬᠦ ᠲᠠᠯ᠎ᠠ ᠪᠠᠷ ᠵᠢᠷᠤᠮᠵᠢᠭᠤᠯᠤᠨ᠂ ᠪᠠᠷᠢᠮᠵᠢᠶ᠎ᠠ ᠶᠢ ᠨᠢᠭᠡᠳᠬᠡᠵᠦ᠂ 110 ᠭᠠᠷᠤᠢ ᠬᠤᠪᠢ | ᠪᠠᠷᠢᠮᠵᠢᠶᠠᠵᠢᠭᠤᠯᠤᠭᠰᠠᠨ ᠬᠡᠷᠡᠭ ᠶᠠᠪᠤᠳᠠᠯ ᠤᠨ ᠬᠦᠰᠦᠨᠦᠭᠲᠦ ᠶᠢᠨ ᠲᠠᠩ ᠥᠯᠢᠭᠡᠷ ᠬᠦᠰᠦᠨᠦᠭᠲᠦ ᠶᠢ ᠪᠣᠶ ᠪᠣᠯᠭᠠᠵᠤ᠂ | ᠰᠦᠯᠵᠢᠶᠡᠨ ᠳᠡᠭᠡᠷᠡᠬᠢ ᠲᠤᠰᠬᠠᠢ ᠪᠤᠯᠤᠩ ᠪᠠ ᠰᠦᠯᠵᠢᠶᠡᠨ ᠠᠴᠠ ᠭᠠᠳᠠᠨᠠᠬᠢ ᠲᠤᠰᠬᠠᠢ ᠣᠷᠣᠨ ᠳᠤ ᠢᠯᠡ | ᠪᠣᠯᠭᠠᠬᠤ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠢᠷᠤᠮᠵᠢᠭᠤᠯᠬᠤ ᠶᠢ ᠠᠬᠢᠭᠤᠯᠵᠤ᠂ | ᠦᠢᠯᠡᠴᠢᠯᠡᠭᠡ ᠶᠢ ᠠᠬᠢᠭᠤᠯᠵᠤ᠂ ᠣᠷᠣᠯᠠᠨ ᠬᠤᠷᠢᠶᠠᠨ ᠠᠪᠴᠤ ᠰᠢᠯᠵᠢᠭᠦᠯᠦᠨ ᠭᠦᠢᠴᠡᠳᠬᠡᠬᠦ᠂ ᠬᠢᠨᠠᠨ ᠵᠥᠪᠰᠢᠶᠡᠷᠡᠬᠦ | ᠠᠵᠢᠯ ᠤᠨ ᠶᠠᠪᠤᠴᠠ ᠶᠢ ᠵᠢᠷᠤᠮᠵᠢᠭᠤᠯᠬᠤ ᠶᠢ ᠪᠡᠶᠡᠯᠡᠭᠦᠯᠪᠡ ᠃ ᠭᠤᠷᠪᠠ ᠳᠤ ᠲᠤᠰᠬᠠᠢ ᠣᠷᠣᠨ ᠤ ᠲᠤᠰᠬᠠᠢ | ᠴᠣᠩᠬᠤ ᠶᠢ ᠰᠠᠶᠢᠲᠤᠷ ᠲᠣᠬᠢᠷᠠᠭᠤᠯᠬᠤ ᠶᠢ ᠪᠣᠲᠠᠲᠠᠶᠢᠵᠢᠭᠤᠯᠪᠠ ᠃ ︽ᠪᠥᠬᠦ ᠣᠷᠣᠨ ᠤ ᠨᠡᠶᠢᠳᠡᠮ ᠭᠦᠢᠴᠡᠳᠬᠡᠬᠦ︾ | ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠤᠤᠯ ᠤᠨ 13 ᠰᠠᠯᠠᠭ᠎ᠠ | ᠮᠥᠴᠢᠷ ᠲᠤ ᠲᠠᠷᠬᠠᠵᠤ ᠪᠠᠶᠢᠭᠰᠠᠨ ᠴᠣᠩᠬᠤ ᠶᠢ ᠡᠮᠬᠢᠯᠡᠨ ᠨᠡᠶᠢᠯᠡᠭᠦᠯᠵᠦ᠂ ᠬᠠᠮᠤᠭ ᠤᠨ ᠲᠦᠷᠭᠡᠨ ᠬᠤᠷᠳᠤᠴᠠ ᠪᠠᠷ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠡᠶᠢᠳᠡᠮ ᠭᠦᠢᠴᠡᠳᠬᠡᠬᠦ ᠴᠣᠩᠬᠤ ᠶᠢ | 121 ᠲᠣᠬᠢᠷᠠᠭᠤᠯᠤᠨ᠂ 279 ᠠᠵᠢᠯᠲᠠᠨ ᠲᠣᠬᠢᠷᠠᠭᠤᠯᠵᠤ᠂ 100% ᠪᠠᠷ ᠬᠠᠮᠤᠷᠬᠤ ᠶᠢ ᠪᠡᠶᠡᠯᠡᠭᠦᠯᠦᠨ᠂ | ᠣᠨᠳᠣᠣ ᠭᠠᠵᠠᠷ ᠲᠤ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ ︽ᠨᠢᠭᠡ ᠴᠣᠩᠬᠤᠪᠴᠢ︾ ᠶᠢᠨ ᠨᠠᠷᠢᠯᠢᠭ | ᠣᠨᠣᠴᠠᠲᠠᠢ ᠦᠢᠯᠡᠴᠢᠯᠡᠭᠡ ᠶᠢ ᠪᠡᠶᠡᠯᠡᠭᠦᠯᠪᠡ ᠃ ᠳᠥᠷᠪᠡ ᠳᠤ ᠬᠡᠪ ᠴᠢᠨᠠᠷ ᠤᠨ ᠴᠢᠳᠠᠪᠤᠷᠢ ᠶᠢ ᠭᠦᠢᠴᠡᠳ | ᠳᠡᠭᠡᠭᠰᠢᠯᠡᠭᠦᠯᠬᠦ ᠶᠢ ᠪᠣᠲᠠᠲᠠᠶᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ 13 ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ 32 ᠲᠤᠰᠬᠠᠢ ᠮᠡᠷᠭᠡᠵᠢᠯ ᠤᠨ ᠨᠢᠷᠤᠭᠤᠪᠴᠢ ᠬᠦᠴᠦᠨ ᠢ ᠰᠣᠩᠭᠤᠨ ᠲᠣᠮᠢᠯᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ 3000 ᠰᠢᠬᠠᠮ ᠬᠥᠮᠥᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠲᠥᠭᠡᠷᠢᠭᠳᠡᠯ ᠢ ᠲᠠᠶᠢᠯᠬᠤ᠂ ︽ᠪᠥᠬᠦ ᠣᠷᠣᠨ ᠤ ᠨᠡᠶᠢᠳᠡᠮ | ᠭᠦᠢᠴᠡᠳᠬᠡᠬᠦ︾ ᠲᠤᠰᠬᠠᠢ ᠣᠷᠣᠨ ᠤ ᠬᠡᠷᠡᠭᠯᠡᠭᠡᠨ ᠤ ᠦᠵᠡᠭᠦᠯᠭᠡ᠂ ᠲᠤᠬᠠᠶᠢᠯᠠᠭᠰᠠᠨ ᠠᠵᠢᠯ ᠤᠨ ᠶᠠᠪᠤᠴᠠ ᠪᠠᠷ | ᠬᠢᠴᠢᠶᠡᠯᠯᠡᠵᠦ ᠰᠣᠯᠢᠯᠴᠠᠬᠤ ᠵᠡᠷᠭᠡ ᠬᠡᠯᠪᠡᠷᠢ ᠬᠡᠯᠪᠡᠷᠢ ᠪᠠᠷ ᠰᠢᠨ᠎ᠡ᠂ ᠦᠷ᠎ᠡ ᠪᠦᠲᠦᠮᠵᠢ ᠪᠠᠷ ᠰᠠᠶᠢᠨ᠂ ᠣᠯᠠᠨ | ᠲᠦᠮᠡᠨ ᠲᠠᠢ ᠣᠶᠢᠷᠠᠲᠤᠭᠤᠯᠬᠤ ᠠᠷᠭ᠎ᠠ ᠬᠡᠯᠪᠡᠷᠢ ᠶᠢ ᠠᠪᠴᠤ᠂ ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ | ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ ᠃ | ᠣᠳᠣᠬᠠᠨ ᠳᠤ᠂ ᠲᠦᠷᠦᠭᠦᠦ ᠪᠦᠯᠦᠭ ᠲᠤ ᠨᠡᠶᠢᠲᠡᠯᠡᠭᠰᠡᠨ 156 ᠵᠦᠢᠯ ᠤᠨ ᠬᠡᠷᠡᠭ ᠶᠠᠪᠤᠳᠠᠯ ᠢ ᠪᠦᠬᠦ | ᠣᠷᠣᠨ ᠤ ᠬᠤᠰᠢᠭᠤ ︵ᠰᠢᠶᠠᠨ︶ ᠶᠢᠨ ᠱᠠᠲᠤᠨ ᠠᠴᠠ ᠳᠡᠭᠡᠭᠰᠢᠬᠢ ᠳᠤᠷ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ ᠭᠦᠢᠴᠡᠳᠭᠡᠵᠦ ᠪᠣᠯᠣᠨ᠎ᠠ᠂ ᠪᠥᠬᠦ ᠣᠷᠣᠨ ᠤ ᠨᠡᠶᠢᠳᠡᠮ ᠭᠦᠢᠴᠡᠳᠬᠡᠬᠦ | ᠴᠣᠩᠬᠤᠨ ᠳᠤ ︽ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ︾ ︽ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠪᠠᠶᠢᠭᠤᠯᠬᠤ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ︾ ︽︿ᠳᠠᠭᠠᠳᠬᠠᠯ ᠳᠤ | ᠣᠷᠣᠯᠴᠠᠭᠰᠠᠨ ᠭᠡᠷᠡᠴᠢ ᠪᠠᠷᠢᠮᠲᠠ﹀ ᠭᠠᠷᠭᠠᠵᠤ ᠥᠭᠬᠦ︾ ᠵᠡᠷᠭᠡ 21 ᠵᠦᠢᠯ ᠤᠨ ᠲᠤᠬᠠᠶᠢᠯᠠᠭᠰᠠᠨ ᠠᠵᠢᠯ ᠢ 160 | ᠭᠠᠷᠤᠢ ᠭᠦᠢᠴᠡᠳᠬᠡᠵᠦ᠂ ᠲᠣᠮᠢᠯᠠᠭᠰᠠᠨ ᠰᠠᠯᠪᠤᠷᠢ ᠳᠤ ᠡᠷᠦᠬᠡ ᠠᠮᠠ ᠶᠢᠨ ᠭᠡᠷᠡᠴᠢ᠂ ᠡᠷᠦᠬᠡ ᠠᠮᠠ ᠰᠢᠯᠵᠢᠭᠦᠯᠬᠦ ᠪᠠ | ᠲᠦᠷ ᠴᠠᠭ ᠤᠨ ᠪᠡᠶ᠎ᠡ ᠶᠢᠨ ᠦᠨᠡᠮᠯᠡᠯ ᠵᠡᠷᠭᠡ ᠶᠢ 5.7 ᠲᠦᠮᠡ ᠭᠠᠷᠤᠢ ᠭᠦᠢᠴᠡᠳᠬᠡᠵᠦ᠂ ᠠᠵᠤ ᠠᠬᠤᠶᠢᠯᠠᠯ ᠪᠠ | ᠣᠯᠠᠨ ᠲᠦᠮᠡᠨ ᠤ ᠣᠨᠳᠣᠣ ᠭᠠᠵᠠᠷ ᠲᠤ ᠬᠡᠷᠡᠭ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾᠂ | ︽ᠪᠤᠴᠠᠵᠤ ᠣᠴᠢᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠪᠢᠳᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ 156 ᠵᠦᠢᠯ ᠤᠨ ᠰᠦᠯᠵᠢᠶᠡᠨ ᠠᠴᠠ ᠭᠠᠳᠠᠨᠠᠬᠢ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ | ᠵᠦᠢᠯᠡᠰ ᠤᠨ ᠪᠠᠷᠢᠮᠵᠢᠶ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠶᠠᠪᠤᠴᠠ ᠳᠠᠬᠢ ᠬᠦᠴᠢᠷ | ᠲᠦᠪᠡᠭᠲᠡᠢ ᠠᠰᠠᠭᠤᠳᠠᠯ ᠢ ᠰᠢᠢᠳᠪᠦᠷᠢᠯᠡᠨ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ ︾ ᠵᠦᠢᠯᠡᠰ ᠤᠨ ᠨᠠᠷᠢᠨ | ᠲᠠᠩᠰᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠦᠢᠯᠡᠰ ᠢ ᠨᠡᠶᠢᠳᠡᠮ ᠭᠦᠢᠴᠡᠳᠭᠡᠬᠦ ᠬᠡᠪᠴᠢᠶ᠎ᠡ ᠶᠢ ᠠᠯᠬᠤᠮ | ᠠᠯᠬᠤᠮ ᠢᠶᠠᠷ ᠥᠷᠭᠡᠳᠬᠡᠨ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ ᠪᠠ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ | ᠠᠬᠢᠭᠤᠯᠤᠨ᠎ᠠ᠃ | ᠤᠮᠠᠷᠠᠲᠤ ᠶᠢᠨ ᠰᠢᠨ᠎ᠡ ᠰᠣᠨᠢᠨ ᠤ ᠰᠤᠷᠪᠤᠯᠵᠢᠯᠠᠭᠴᠢ᠄ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠲᠤᠰᠬᠠᠭᠰᠠᠨ ᠶᠠᠪᠤᠳᠠᠯ ᠢ ᠠᠩᠬᠠᠷᠬᠤ ᠬᠥᠮᠥᠨ ᠲᠠᠢ᠂ | ᠰᠢᠢᠳᠪᠦᠷᠢᠯᠡᠬᠦ ᠬᠥᠮᠥᠨ ᠲᠠᠢ ᠪᠣᠯᠭᠠᠪᠠ᠃ ᠲᠡᠭᠡᠪᠡᠯ᠂ ᠠᠵᠢᠯ ᠤᠨ ᠳᠤᠮᠳᠠ ᠪᠠᠨ ᠶᠠᠮᠠᠷ ᠶᠠᠮᠠᠷ ᠪᠣᠳᠠᠲᠠᠢ ᠠᠷᠭ᠎ᠠ | ᠬᠡᠮᠵᠢᠶ᠎ᠡ ᠠᠪᠤᠭᠰᠠᠨ ᠪᠤᠶ ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠶᠡᠷᠦᠩᠬᠡᠶᠢᠯᠡᠭᠰᠡᠨ ᠭᠠᠵᠠᠷ ᠤᠨ ᠳᠡᠳ᠋ ᠳᠠᠷᠤᠭ᠎ᠠ ᠰᠥᠩ ᠾᠧ᠄ ᠥᠪᠡᠷᠲᠡᠭᠡᠨ ᠵᠠᠰᠠᠬᠤ ᠣᠷᠣᠨ ᠤ 12345 | ᠬᠠᠯᠠᠮᠰᠢᠯ ᠤᠲᠠᠰᠤ ᠪᠠᠶᠢᠭᠤᠯᠤᠭᠳᠠᠭᠰᠠᠨ ᠠᠴᠠ ᠨᠠᠭᠠᠰᠢ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠨᠢ ︽ ᠲᠠᠪᠤᠨ ᠨᠢᠭᠡᠳᠦᠯᠲᠡᠢ︾ ︵ᠲᠠᠪᠴᠠᠩ ᠤᠨ ᠪᠠᠶᠢᠭᠤᠯᠤᠯᠲᠠ᠂ ᠠᠵᠢᠯ ᠤᠨ ᠬᠠᠭᠤᠳᠠᠰᠤ ᠶᠢ ᠰᠢᠢᠳᠪᠦᠷᠢᠯᠡᠬᠦ᠂ | ᠲᠤᠭ᠎ᠠ ᠪᠠᠷᠢᠮᠲᠠ ᠶᠢ ᠵᠠᠳᠠᠯᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠪᠠᠴᠢᠮ ᠪᠠᠶᠢᠳᠠᠯ ᠢ | ᠠᠷᠭᠠᠴᠠᠭᠠᠬᠤ ᠶᠢ ᠳᠠᠭᠠᠬᠤ︶ ᠱᠠᠭᠠᠷᠳᠠᠯᠭ᠎ᠠ ᠶᠣᠰᠣᠭᠠᠷ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠵᠢᠷᠤᠮᠵᠢᠭᠰᠠᠨ ᠬᠠᠮᠢᠶᠠᠷᠤᠯᠲᠠ ᠶᠢ ᠬᠦᠴᠦᠯᠡᠨ | ᠠᠬᠢᠭᠤᠯᠪᠠ᠃ ᠣᠳᠣ ᠪᠣᠯᠲᠠᠯ᠎ᠠ ᠂ ᠪᠥᠬᠦ ᠣᠷᠣᠨ ᠤ ᠬᠠᠯᠠᠮᠰᠢᠯ ᠤᠲᠠᠰᠤᠨ ᠤ ᠲᠠᠪᠴᠠᠩ ᠨᠡᠶᠢᠲᠡ 442 ᠲᠦᠮᠡᠨ | ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ᠂ ᠰᠠᠷ᠎ᠠ ᠪᠦᠷᠢ 53 ᠲᠦᠮᠡᠨ ᠬᠤᠪᠢ ᠶᠢ ᠭᠥᠯᠢᠶᠡᠨ ᠠᠪᠴᠤ᠂ | 320 ᠲᠦᠮᠡᠨ ᠬᠤᠪᠢ ᠳᠤ ᠰᠢᠭᠤᠳ ᠬᠠᠷᠢᠭᠤᠯᠲᠠ ᠥᠭᠴᠦ᠂ 122 ᠲᠦᠮᠡᠨ ᠬᠤᠪᠢ ᠬᠦᠰᠡᠯ ᠱᠠᠭᠠᠷᠳᠠᠯᠭ᠎ᠠ ᠶᠢᠨ | ᠠᠵᠢᠯ ᠤᠨ ᠬᠠᠭᠤᠳᠠᠰᠤ ᠲᠠᠷᠬᠠᠭᠠᠵᠤ᠂ ᠬᠦᠰᠡᠯ ᠱᠠᠭᠠᠷᠳᠠᠯᠭ᠎ᠠ ᠶᠢ ᠭᠤᠣᠯᠳᠠᠭᠤ ᠡᠮ ᠡᠮᠨᠡᠯᠭᠡ ᠶᠢᠨ ᠳᠠᠭᠠᠳᠬᠠᠯ᠂ | ᠨᠡᠶᠢᠭᠡᠮ ᠤᠨ ᠪᠠᠲᠤᠯᠠᠭ᠎ᠠ᠂ ᠲᠡᠷᠭᠡ ᠨᠡᠭᠦᠯᠭᠡᠬᠦ ᠦᠢᠯᠡᠴᠢᠯᠡᠭᠡ ᠵᠡᠷᠭᠡ ᠲᠠᠯ᠎ᠠ ᠳᠤ ᠲᠥᠪᠯᠡᠷᠡᠭᠦᠯᠦᠭᠰᠡᠨ ᠪᠠᠶᠢᠨ᠎ᠠ᠃ | ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ︽ᠭᠤᠷᠪᠠᠨ ᠨᠣᠷᠮ᠎ᠠ︾ ᠰᠠᠷ᠎ᠠ ᠳᠠᠷᠠᠭᠠᠯᠠᠨ ᠨᠡᠮᠡᠭᠳᠡᠬᠦ | ᠬᠠᠨᠳᠤᠰᠢ ᠲᠠᠢ ᠪᠣᠯᠵᠤ᠂ ᠤᠯᠠᠮ ᠠᠴᠠ ᠤᠯᠠᠮ ᠣᠯᠠᠨ ᠠᠵᠤ ᠠᠬᠤᠶᠢᠯᠠᠯ ᠤᠨ ᠣᠯᠠᠨ ᠲᠦᠮᠡᠨ 12345 ᠬᠠᠯᠠᠭᠤᠨ | ᠤᠲᠠᠰᠤ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠠᠰᠠᠭᠤᠳᠠᠯ ᠢ ᠲᠤᠰᠬᠠᠬᠤ ᠳᠤᠷᠠᠲᠠᠢ | ᠪᠣᠯᠤᠭᠰᠠᠨ ᠪᠠᠶᠢᠨ᠎ᠠ᠃ ᠨᠢᠭᠡ ᠳᠤ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠪᠠ᠃ | ︽ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠠᠷᠭ᠎ᠠ︾ ᠪᠠ | ︽ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ ᠠᠵᠢᠯᠯᠠᠭᠠᠨ ᠤ ᠬᠠᠮᠢᠶᠠᠷᠤᠯᠲᠠ ᠶᠢᠨ | ᠵᠢᠷᠤᠮᠵᠢᠯ︾ ︽ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ ᠬᠦᠰᠡᠯ ᠱᠠᠭᠠᠷᠳᠠᠯᠭ᠎ᠠ ᠶᠢ | ᠰᠢᠢᠳᠪᠦᠷᠢᠯᠡᠬᠦ ᠵᠢᠷᠤᠮᠵᠢᠯ︾ ︽ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ | ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ ᠵᠢᠷᠤᠮᠵᠢᠯ︾ ᠭᠤᠷᠪᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠵᠢᠴᠢ ︽ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ ᠮᠡᠳᠡᠯᠭᠡ ᠶᠢᠨ | ᠬᠥᠮᠥᠷᠭᠡ ᠶᠢᠨ ᠠᠵᠢᠯ ᠤᠨ ᠳᠦᠷᠢᠮ︾ ᠵᠡᠷᠭᠡ ᠢᠵᠢ ᠪᠦᠷᠢᠳᠦᠭᠦᠯᠬᠦ ᠳᠦᠷᠢᠮ ᠢ ᠳᠠᠷᠤᠮᠠᠯᠯᠠᠨ ᠲᠠᠷᠬᠠᠭᠠᠪᠠ᠃ | ︽1+3+N︾ ︵1 ᠢᠵᠢ ᠬᠠᠮᠢᠶᠠᠷᠤᠯᠲᠠ ᠶᠢᠨ ᠠᠷᠭ᠎ᠠ᠂ 3 ᠵᠦᠢᠯ ᠤᠨ ᠵᠦᠭᠯᠡᠭᠦᠷ ᠤᠨ ᠵᠢᠷᠤᠮᠵᠢᠯ᠂ N ᠢᠵᠢ | ᠪᠦᠷᠢᠳᠦᠭᠦᠯᠬᠦ ᠳᠦᠷᠢᠮ︶ ᠤᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠬᠠᠯᠠᠮᠰᠢᠯ | ᠤᠲᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠠᠷᠢᠮᠵᠢᠶᠠᠵᠢᠭᠤᠯᠤᠯᠲᠠ ᠂ ᠵᠢᠷᠤᠮᠵᠢᠭᠤᠯᠤᠯᠲᠠ ᠂ | ᠲᠦᠷᠢᠮᠵᠢᠭᠦᠯᠦᠯᠲᠡ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ | ᠵᠢᠷᠤᠮ ᠲᠠᠢ ᠠᠬᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠪᠠ᠃ ᠬᠤᠶᠠᠷ ᠲᠤ ᠰᠢᠯᠭᠠᠨ ᠲᠣᠭᠲᠠᠭᠠᠵᠤ | ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠰᠢᠯᠢᠳᠡᠭᠵᠢᠭᠦᠯᠪᠡ ᠃ ᠠᠵᠢᠯ ᠤᠨ ᠬᠠᠭᠤᠳᠠᠰᠤ ᠶᠢ ᠰᠤᠭᠤᠴᠢᠨ ᠬᠡᠮᠵᠢᠬᠦ | ᠶᠠᠰᠤ ᠴᠢᠨᠠᠷ ᠤᠨ ᠪᠠᠶᠢᠴᠠᠭᠠᠯᠲᠠ ᠶᠢᠨ ᠬᠠᠷᠢᠴᠠᠯ ᠢ 60% ᠪᠠᠶᠢᠭᠰᠠᠨ ᠠᠴᠠ 100% ᠪᠠᠷ ᠳᠡᠭᠡᠭᠰᠢᠯᠡᠭᠦᠯᠵᠦ᠂ | ᠬᠥᠨᠳᠡᠯᠡᠨ ᠢᠶᠠᠷ ᠬᠠᠷᠢᠴᠠᠭᠤᠯᠬᠤ᠂ ᠪᠢᠴᠢᠭ ᠢᠶᠠᠷ ᠰᠠᠨᠠᠭᠤᠯᠬᠤ᠂ ᠱᠠᠭᠠᠷᠳᠠᠨ ᠪᠠᠶᠢᠴᠠᠭᠠᠵᠤ ᠪᠣᠯᠵᠣᠨ ᠶᠠᠷᠢᠯᠴᠠᠬᠤ᠂ | ᠲᠤᠰᠬᠠᠢ ᠵᠦᠢᠯ ᠢᠶᠠᠷ ᠪᠣᠯᠵᠣᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠳᠠᠭᠠᠭᠠᠨ ᠭᠦᠢᠴᠡᠳᠬᠡᠬᠦ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠰᠠᠷ᠎ᠠ ᠪᠠᠷ ︽ 12345 | ᠬᠠᠯᠠᠮᠰᠢᠯ ᠤᠲᠠᠰᠤᠨ ᠤ ᠰᠠᠷ᠎ᠠ ᠶᠢᠨ ᠮᠡᠳᠡᠭᠦᠯᠦᠯᠲᠡ︾ ᠶᠢ ᠨᠠᠶᠢᠷᠠᠭᠤᠯᠤᠨ ᠲᠠᠷᠬᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ︽12345 ᠬᠠᠯᠠᠮᠰᠢᠯ ᠤᠲᠠᠰᠤᠨ ᠤ ᠲᠤᠰᠬᠠᠢ ᠮᠡᠳᠡᠭᠦᠯᠦᠯᠲᠡ︾ ᠶᠢ ᠨᠠᠶᠢᠷᠠᠭᠤᠯᠤᠨ | ᠲᠠᠷᠬᠠᠭᠠᠵᠤ᠂ ᠲᠤᠰᠠᠯᠠᠬᠤ ᠰᠢᠢᠳᠪᠦᠷᠢᠲᠦ ᠪᠣᠳᠣᠯᠭ᠎ᠠ ᠶᠢᠨ ᠦᠢᠯᠡᠳᠦᠯ ᠨᠠᠩ ᠲᠣᠪᠣᠶᠢᠮ᠎ᠠ ᠪᠣᠯᠵᠤ᠂ 12345 | ᠬᠠᠯᠠᠮᠰᠢᠯ ᠤᠲᠠᠰᠤᠨ ᠤ ᠠᠵᠢᠯ ᠢ ᠠᠷᠠᠳ ᠣᠯᠠᠨ ᠤ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠪᠠ᠃ | ᠭᠤᠷᠪᠠ ᠳᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠪᠠ᠃ ᠰᠠᠷ᠎ᠠ ᠪᠠᠷ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠨᠡᠷᠡᠰ ᠤᠨ ᠵᠢᠭᠰᠠᠭᠠᠯᠲᠠ ᠶᠢ ᠨᠡᠪᠲᠡᠷᠡᠭᠦᠯᠬᠦ ᠶᠢ ᠪᠠᠷᠢᠮᠲᠠᠯᠠᠵᠤ᠂ ᠬᠢᠨᠠᠨ ᠰᠢᠯᠭᠠᠵᠤ | ᠦᠨᠡᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠤᠯᠠᠨ ᠲᠦᠮᠡᠨ ᠤ ᠪᠠᠴᠢᠮ | ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠭᠤᠷᠪᠠᠨ ᠨᠤᠷᠮ᠎ᠠ ︾ ᠶᠢᠨ ᠬᠢᠨᠠᠨ | ᠰᠢᠯᠭᠠᠭᠰᠠᠨ ᠰᠠᠭᠤᠷᠢᠨ ᠳᠡᠭᠡᠷ᠎ᠡ ᠂ 7 ᠰᠠᠷ᠎ᠠ ᠳᠤ ︽ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ︾ ᠶᠢ ᠬᠢᠨᠠᠨ | ᠰᠢᠯᠭᠠᠬᠤ ᠭᠦᠢᠴᠡᠳᠬᠡᠯ ᠲᠤᠭ᠎ᠠ ᠶᠢ ᠨᠡᠮᠡᠵᠦ ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠲᠤᠰᠬᠠᠬᠤ ᠶᠢ ᠴᠠᠭ ᠲᠤᠬᠠᠢ ᠳᠤᠨᠢ ᠰᠤᠳᠤᠯᠤᠨ ᠰᠢᠳᠭᠡᠵᠦ᠂ ᠠᠵᠢᠯ ᠤᠨ ᠬᠠᠭᠤᠳᠠᠰᠤ ᠶᠢ | ᠭᠦᠢᠴᠡᠳᠬᠡᠵᠦ ᠳᠠᠭᠤᠰᠬᠠᠭᠰᠠᠨ ᠦᠷ᠎ᠡ ᠪᠦᠲᠦᠮᠵᠢ ᠶᠢ ᠲᠦᠷᠭᠡᠨ ᠳᠡᠭᠡᠭᠰᠢᠯᠡᠭᠦᠯᠵᠦ ᠂ ᠠᠵᠤ ᠠᠬᠤᠶᠢᠯᠠᠯ ᠪᠣᠯᠤᠨ | ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ ᠨᠡᠩ ᠲᠦᠷᠭᠡᠨ ᠭᠦᠢᠴᠡᠳᠬᠡᠵᠦ ᠂ ᠨᠡᠩ ᠪᠣᠳᠠᠲᠠᠢ ᠭᠦᠢᠴᠡᠳᠬᠡᠬᠦ ︾ | ᠶᠢ ᠪᠠᠲᠤᠯᠠᠵᠠᠢ ᠃ ᠳᠥᠷᠪᠡ ᠳᠤ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠶᠢ ᠭᠦᠨᠵᠡᠭᠡᠶᠢᠷᠡᠭᠦᠯᠪᠡ ᠃ ᠲᠥᠷᠥ | ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ | 5 ᠵᠤᠷᠪᠤᠰ ︵12369᠂ 12319᠂ 12329᠂ 12316᠂ 12393︶ ᠲᠤ ︽7×24 ᠴᠠᠭ︾ ᠤᠨ | ᠬᠥᠮᠥᠨ ᠤ ᠬᠦᠴᠦ ᠪᠠᠷ ᠦᠢᠯᠡᠴᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠪᠤᠶᠤ ᠬᠥᠮᠥᠨ ᠤ ᠬᠦᠴᠦ ᠪᠠᠷ | ᠵᠠᠯᠭᠠᠬᠤ ᠨᠣᠷᠮ᠎ᠠ ᠨᠢ 60% ᠠᠴᠠ ᠳᠣᠣᠷ᠎ᠠ ᠬᠤᠣᠰ ᠨᠣᠮᠧᠷ ᠤᠨ ᠵᠡᠷᠭᠡᠴᠡᠭᠡ ᠬᠠᠯᠠᠮᠰᠢᠯ ᠤᠲᠠᠰᠤ ᠶᠢ ᠪᠥᠬᠦ | ᠣᠷᠣᠨ ᠳᠤ ᠪᠦᠬᠦᠯᠢ ᠴᠣᠭᠴᠠ ᠪᠠᠷ 12345 ᠬᠠᠯᠠᠮᠰᠢᠯ ᠤᠲᠠᠰᠤ ᠲᠠᠢ ᠨᠡᠶᠢᠯᠡᠭᠦᠯᠬᠦ ᠶᠢ ᠪᠡᠶᠡᠯᠡᠭᠦᠯᠪᠡ᠃ | ᠳᠠᠷᠠᠭᠠᠴᠢ ᠶᠢᠨ ᠠᠯᠬᠤᠮ ᠳᠤ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠬᠦ ᠲᠠᠯ᠎ᠠ ᠪᠠᠷ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠳᠥᠭᠦᠮ ᠳᠥᠲᠡ ᠂ ᠥᠨᠳᠥᠷ | ᠪᠦᠲᠦᠮᠵᠢᠲᠡᠢ ᠂ ᠵᠢᠷᠤᠮᠵᠢᠯ ᠲᠠᠢ ᠂ ᠤᠶᠤᠨᠴᠢ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ ᠶᠡᠷᠦᠩᠬᠡᠢ | ᠦᠢᠯᠡᠴᠢᠯᠡᠭᠡᠨ ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠠᠯᠠᠮᠰᠢᠯ ᠤᠲᠠᠰᠤᠨ ᠤ ᠬᠦᠴᠦᠨ ᠴᠢᠳᠠᠯ ᠢᠶᠠᠨ ᠨᠡᠮᠡᠷᠢᠯᠡᠨ᠎ᠡ ᠃ |