ᠡᠪᠦᠯ ᠤᠨ ᠤᠯᠠᠷᠢᠯ ᠳᠤ ᠶᠠᠰᠤᠲᠤ ᠮᠡᠯᠡᠬᠡᠢ᠂ ᠯᠠᠭ ᠮᠡᠯᠡᠬᠡᠢ ᠶᠢᠨ ᠬᠠᠯᠳᠠᠪᠤᠷᠢᠲᠤ ᠡᠪᠡᠳᠴᠢᠨ ᠢ ᠬᠡᠷᠬᠢᠨ  ᠰᠡᠷᠭᠡᠶᠢᠯᠡᠬᠦ ᠪᠣᠢ
ᠨᠡᠶᠢᠲᠡᠯᠡᠭᠰᠡᠨ ᠴᠠᠭ᠄
2023/9/19
      ᠶᠠᠰᠤᠲᠤ ᠮᠡᠯᠡᠬᠡᠢ᠂ ᠯᠠᠭ ᠮᠡᠯᠡᠬᠡᠢ ᠡᠪᠦᠯ ᠤᠨ ᠤᠯᠠᠷᠢᠯ ᠳᠤ ᠢᠴᠡᠭᠡᠯᠡᠬᠦ ᠪᠠᠶᠢᠳᠠᠯ ᠳᠤ ᠪᠠᠶᠢᠵᠤ᠂ ᠡᠭᠡᠯᠢᠯᠡᠭᠡ ᠶᠢᠨ ᠴᠢᠳᠠᠪᠤᠷᠢ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠢᠯᠡᠳᠲᠡ ᠪᠠᠭᠤᠷᠠᠵᠤ᠂ ᠠᠮᠠᠷᠬᠠᠨ ᠡᠪᠡᠳᠴᠢᠨ ᠬᠠᠯᠳᠠᠪᠤᠷᠢᠯᠠᠳᠠᠭ᠃ ᠳᠣᠣᠷᠠᠬᠢ ᠮᠡᠲᠦ ᠳᠥᠷᠪᠡᠨ ᠠᠷᠭ᠎ᠠ ᠶᠢ ᠬᠡᠷᠡᠭᠯᠡᠪᠡᠯ ᠡᠪᠦᠯ ᠤᠨ ᠤᠯᠠᠷᠢᠯ ᠳᠤ ᠶᠠᠰᠤᠲᠤ ᠮᠡᠯᠡᠬᠡᠢ᠂ ᠯᠠᠭ ᠮᠡᠯᠡᠬᠡᠢ ᠶᠢᠨ ᠬᠠᠯᠳᠠᠪᠤᠷᠢᠯᠠᠯ ᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃      ᠮᠢᠺᠷᠣᠪ ᠤᠨ ᠠᠭᠤᠰᠤᠮᠠᠯ ᠰᠠᠴᠤᠬᠤ      ᠲᠡᠵᠢᠭᠡᠪᠦᠷᠢ ᠶᠢᠨ ᠴᠦᠭᠦᠷᠦᠮ ᠳᠤ 25 — 30 ᠳᠠᠬᠢᠨ EM ᠪᠠᠺᠲ᠋ᠧᠷᠢ ᠶᠢᠨ ᠠᠭᠤᠰᠤᠮᠠᠯᠪᠤᠶᠤ 80 — 100 ᠳᠠᠬᠢᠨ ᠬᠤᠪᠠᠭ᠋ᠠᠢ ᠡᠪᠡᠰᠦᠨ ᠤ ᠰᠫᠣᠷᠲᠦ ᠰᠠᠪᠬᠠᠨ ᠪᠠᠺᠲ᠋ᠧᠷᠢ ᠶᠢᠨ  ᠠᠭᠤᠰᠤᠮᠠᠯ ᠢ ᠰᠠᠴᠤᠵᠤ᠂ ᠲᠡᠭᠰᠢ ᠳᠥᠷᠪᠡᠯᠵᠢᠨ ᠮᠧᠲᠷ ᠪᠦᠷᠢ ᠳᠤ 2 — 3 ᠺᠢᠯᠣᠭ᠍ᠷᠠᠮ ᠤᠰᠤᠨ ᠤᠭᠠᠳᠠᠷᠭᠤ ᠳᠤ 10 — 15 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 2 — 3 ᠤᠳᠠᠭ᠎ᠠ ᠰᠠᠴᠤᠨ᠎ᠠ᠃      ᠡᠪᠡᠰᠦ ᠮᠣᠳᠣᠨ ᠤ ᠦᠨᠡᠰᠦ ᠰᠠᠴᠤᠬᠤ      ᠬᠠᠭᠤᠷᠠᠢ ᠴᠡᠪᠡᠷ ᠡᠪᠡᠰᠦ ᠮᠣᠳᠣᠨ ᠤ ᠦᠨᠡᠰᠦ ᠶᠢ ᠲᠡᠵᠢᠭᠡᠪᠦᠷᠢ ᠶᠢᠨ ᠴᠦᠭᠦᠷᠦᠮ ᠳᠤ ᠰᠠᠴᠤᠵᠤ᠂ ᠮᠦ ᠪᠦᠷᠢ ᠳᠤ 25 — 30 ᠺᠢᠯᠣᠭ᠍ᠷᠠᠮ ᠰᠠᠴᠤᠵᠤ᠂ 15 — 20 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 2 — 3 ᠤᠳᠠᠭ᠎ᠠ ᠰᠠᠴᠤᠵᠤ᠂ ᠤᠰᠤᠨ ᠤ ᠭᠠᠳᠠᠷᠭᠤ ᠳᠡᠭᠡᠷ᠎ᠡ ᠵᠢᠭᠳᠡ ᠰᠠᠴᠤᠨ᠎ᠠ᠃      ᠪᠠᠭ᠎ᠠ ᠰᠤᠳᠠ ᠶᠢᠨ ᠠᠭᠤᠰᠤᠮᠠᠯ  ᠰᠠᠴᠤᠬᠤ      0.3 — 0.5% ᠶᠢᠨ ᠪᠠᠭ᠎ᠠ ᠰᠤᠳᠠ ︵ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠲᠷᠢ︶ ᠶᠢᠨ ᠠᠭᠤᠰᠤᠮᠠᠯ ᠢ ᠲᠡᠵᠢᠭᠡᠪᠦᠷᠢ ᠶᠢᠨ ᠴᠥᠭᠦᠷᠥᠮ ᠳᠤ ᠰᠠᠴᠤᠵᠤ᠂ ᠲᠡᠭᠰᠢ ᠳᠥᠷᠪᠡᠯᠵᠢᠨ ᠮᠧᠲᠷ ᠪᠦᠷᠢ ᠳᠤ 3 — 5 ᠺᠢᠯᠣᠭ᠍ᠷᠠᠮ ᠰᠠᠴᠤᠵᠤ᠂ 5 — 6 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 8 — 10 ᠤᠳᠠᠭ᠎ᠠ ᠰᠠᠴᠤᠵᠤ᠂ ᠤᠰᠤᠨ ᠤ ᠭᠠᠳᠠᠷᠭᠤ ᠳᠡᠭᠡᠷ᠎ᠡ ᠵᠢᠭᠳᠡ ᠰᠠᠴᠤᠨ᠎ᠠ᠃      ᠸᠢᠲ᠋ᠠᠮᠢᠨ C ᠶᠢᠨ ᠠᠭᠤᠰᠤᠮᠠᠯ ᠰᠠᠴᠤᠬᠤ      ᠲᠡᠵᠢᠭᠡᠪᠦᠷᠢ ᠶᠢᠨ ᠲᠠᠲᠠᠭᠠᠯ ᠳᠤ 0.1 — 0.2% ᠤᠨ ᠸᠢᠲ᠋ᠠᠮᠢᠨ C ᠶᠢᠨ ᠠᠭᠤᠰᠤᠮᠠᠯ ᠢ ᠰᠠᠴᠤᠵᠤ᠂ ᠲᠡᠭᠰᠢ ᠳᠥᠷᠪᠡᠯᠵᠢᠨ ᠮᠧᠲᠷ ᠪᠦᠷᠢ ᠳᠤ 2 — 3 ᠺᠢᠯᠣᠭ᠍ᠷᠠᠮ ᠰᠠᠴᠤᠵᠤ᠂ 7 — 10 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 3 — 5 ᠤᠳᠠᠭ᠎ᠠ ᠰᠠᠴᠤᠵᠤ᠂ ᠤᠰᠤᠨ ᠤ ᠭᠠᠳᠠᠷᠭᠤ ᠳᠤ ᠵᠢᠭᠳᠡ ᠰᠠᠴᠣᠨ᠎ᠠ᠃ ︵ᠽᠧᠦ ᠬᠠᠢ ᠲᠠᠩ︶     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号