ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ⑧ ︱ ᠵᠠᠯᠠᠶᠢᠳ ᠬᠤᠰᠢᠭᠤᠨ ᠤ ᠡᠷᠳᠡᠨᠢ ᠰᠢᠰᠢ ᠶᠢᠨ ︽ᠲᠣᠮᠣ ᠳᠠᠯᠠᠩ ᠢ ᠥᠨᠳᠥᠷ ᠲᠠᠪᠴᠠᠩ ᠳᠤ ᠨᠢᠭᠲᠠ ᠲᠠᠷᠢᠬᠤ︾ ᠨᠠᠷᠢᠯᠢᠭ ᠣᠨᠤᠴᠠᠲᠠᠢ ᠲᠣᠬᠢᠷᠠᠭᠤᠯᠤᠨ ᠡᠵᠡᠮᠳᠡᠬᠦ ᠵᠠᠭᠪᠤᠷ
ᠨᠡᠶᠢᠲᠡᠯᠡᠭᠰᠡᠨ ᠴᠠᠭ᠄
2023/9/2
      ᠵᠠᠯᠠᠶᠢᠳ ᠬᠤᠰᠢᠭᠤᠨ ᠤ ᠬᠠᠪᠤᠷ ᠤᠨ ᠤᠯᠠᠷᠢᠯ ᠤᠨ ᠠᠭᠤᠷ ᠠᠮᠢᠰᠬᠤᠯ ᠭᠠᠩ ᠬᠠᠭᠤᠷᠠᠢ᠂ ᠳᠤᠯᠠᠭᠠᠨ ᠳᠣᠣᠷ᠎ᠠ ᠂ ᠠᠭᠤᠷ ᠠᠮᠢᠰᠬᠤᠯ ᠤᠨ ᠬᠦᠴᠦᠨ ᠵᠦᠢᠯ ᠨᠢ ᠲᠠᠷᠢᠶᠠᠯᠠᠩ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠳᠠᠭ ᠂ ᠡᠨᠡ ᠬᠦ ᠴᠢᠬᠤᠯᠠ ᠶᠡᠭᠡ ᠪᠡᠷᠬᠡ ᠰᠡᠳᠦᠪ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠤᠯᠤᠰ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠡᠷᠳᠡᠨᠢ ᠰᠢᠰᠢ ᠶᠢᠨ ᠲᠣᠮᠣ ᠳᠠᠯᠠᠩ ᠥᠨᠳᠥᠷ ᠲᠠᠪᠴᠠᠩ ᠳᠤ ᠨᠢᠭᠲᠠ ᠳᠠᠷᠢᠵᠤ ᠤᠨᠠᠯᠲᠠ ᠶᠢ ᠨᠡᠮᠡᠭᠳᠡᠭᠦᠯᠬᠦ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢ ᠰᠤᠳᠤᠯᠤᠨ ᠬᠤᠷᠠᠮᠳᠤᠭᠤᠯᠵᠤ᠂ ᠳᠡᠯᠭᠡᠷᠡᠭᠦᠯᠦᠨ ᠬᠡᠷᠡᠭᠯᠡᠭᠰᠡᠨ ᠲᠠᠯᠠᠪᠠᠶ ᠨᠢ 10 ᠲᠦᠮᠡᠨ ᠮᠦ ᠬᠦᠷᠴᠡᠢ᠃
图片1.png
      ᠭᠤᠣᠯ ᠠᠷᠭ᠎ᠠ ᠪᠠᠷᠢᠯ᠄ ᠲᠤᠰ ᠮᠡᠷᠭᠡᠵᠢᠯ ᠢ ᠠᠭᠤᠰᠤᠯᠴᠠᠭᠤᠯᠤᠨ ᠳᠠᠯᠠᠩ ᠢ ᠪᠠᠭᠠᠰᠬᠠᠵᠤ ᠨᠢᠭᠲᠠᠴᠠ ᠶᠢ ᠨᠡᠮᠡᠭᠳᠡᠭᠦᠯᠬᠦ ᠂ ᠨᠠᠷᠢᠯᠢᠭ ᠣᠨᠤᠴᠠᠲᠠᠢ ᠲᠣᠬᠢᠷᠠᠭᠤᠯᠤᠨ ᠡᠵᠡᠮᠳᠡᠬᠦ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠂ ᠪᠦᠬᠦ ᠶᠠᠪᠤᠴᠠ ᠶᠢ ᠮᠧᠬᠠᠨᠢᠭᠵᠢᠭᠤᠯᠬᠤ ᠵᠡᠷᠭᠡ ᠤᠯᠠᠨ ᠲᠦᠷᠦᠯ ᠤᠨ ᠮᠡᠷᠭᠡᠵᠢᠯ ᠨᠢ ︽ ᠨᠢᠭᠡ ᠶᠢ ᠨᠡᠮᠡᠭᠳᠡᠭᠦᠯᠵᠦ ᠨᠢᠭᠡ ᠶᠢ ᠪᠠᠲᠤᠯᠠᠵᠤ ᠨᠢᠭᠡ ᠶᠢ ᠳᠡᠭᠡᠭᠰᠢᠯᠡᠭᠦᠯᠬᠦ ︾ ᠣᠨᠴᠠᠯᠢᠭ ᠲᠠᠢ ᠶᠤᠮ ᠃ ᠨᠢᠭᠡ ᠳᠤ ᠥᠨᠳᠥᠷ ᠲᠠᠪᠴᠠᠩ ᠭᠠᠷᠭᠠᠵᠤ ᠲᠠᠷᠢᠶᠠᠯᠠᠬᠤ ᠳᠠᠪᠬᠤᠷᠭ᠎ᠠ ᠶᠢᠨ ᠬᠥᠷᠥᠰᠥᠨ ᠤ ᠳᠤᠯᠠᠭᠠᠨ ᠤ ᠬᠡᠮᠵᠢᠶ᠎ᠡ ᠶᠢ ᠨᠡᠮᠡᠭᠳᠡᠭᠦᠯᠪᠡ᠃ ᠨᠠᠮᠤᠷ ᠤᠨ ᠬᠦᠷᠦᠰᠦ ᠤᠷᠪᠠᠭᠤᠯᠤᠯᠲᠠ ᠪᠠᠷ ᠲᠠᠷᠢᠶ᠎ᠠ ᠶᠢ ᠲᠡᠭᠰᠢᠯᠡᠭᠰᠡᠨ ᠤ ᠲᠠᠷᠠᠭ᠎ᠠ ᠂ ᠬᠠᠪᠤᠷ ᠤᠨ ᠤᠯᠠᠷᠢᠯ ᠳᠤ ᠲᠤᠰᠬᠠᠢ ᠬᠡᠷᠡᠭᠯᠡᠬᠦ ᠪᠣᠰᠬᠤ ᠪᠠᠭᠠᠵᠢ ᠶᠢ ᠠᠰᠢᠭᠯᠠᠨ ᠳᠠᠯᠠᠩ ᠢᠶᠠᠨ ᠭᠠᠷᠭᠠᠵᠤ ᠂ 65 ᠰᠠᠨᠲ᠋ᠢᠮᠧᠲᠷ ᠤᠨ ᠵᠢᠵᠢᠭ ᠳᠠᠯᠠᠩ ᠢ 120 ᠰᠠᠨᠲ᠋ᠢᠮᠧᠲᠷ ᠤᠨ ᠥᠷᠭᠡᠨ ᠳᠠᠯᠠᠩ ᠢᠶᠠᠷ ᠥᠭᠡᠷᠡᠴᠢᠯᠡᠵᠦ ᠂ 25 ᠰᠠᠨᠲ᠋ᠢᠮᠧᠲᠷ ᠤᠨ ᠥᠨᠳᠥᠷ ᠳᠠᠯᠠᠩ ᠢᠶᠠᠷ ᠲᠡᠭᠰᠢᠯᠡᠵᠦ᠂ ᠬᠥᠷᠥᠰᠥᠨ ᠤ ᠬᠥᠮᠥᠷᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠂ ᠭᠠᠵᠠᠷ ᠤᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ ᠂ ᠭᠠᠵᠠᠷ ᠤᠨ ᠳᠤᠯᠠᠭᠠᠨ ᠤ ᠲᠠᠷᠢᠬᠤ ᠳᠠᠪᠬᠤᠷᠭ᠎ᠠ ᠳᠤ ᠦᠵᠡᠭᠦᠯᠬᠦ ᠨᠥᠯᠥᠭᠡ ᠶᠢ ᠪᠠᠭᠠᠰᠬᠠᠪᠠ᠃ ᠬᠤᠶᠠᠷ ᠲᠤ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠪᠦᠲᠦᠮᠵᠢᠲᠡᠢ ᠬᠠᠩᠭᠠᠬᠤ ᠶᠢ ᠪᠠᠲᠤᠯᠠᠪᠠ᠃ ᠬᠠᠪᠤᠷ ᠤᠨ ᠲᠠᠷᠢᠶᠠᠯᠠᠭ᠎ᠠ ᠳᠤ ᠨᠠᠷᠢᠯᠢᠭ ᠳᠠᠷᠢᠬᠤ᠂ ᠰᠠᠭᠤᠷᠢ ᠪᠣᠷᠳᠣᠭᠤᠷ ᠭᠦᠨ ᠣᠷᠣᠭᠤᠯᠬᠤ᠂ ᠲᠣᠰᠣᠯᠠᠭᠠᠨ ᠤᠰᠤᠯᠠᠬᠤ ᠪᠦᠰᠡ ︵ᠭᠦᠨ ᠤ ᠬᠡᠮᠵᠢᠶ᠎ᠡ ᠨᠢ 1 — 1.5 ᠰᠠᠨᠲ᠋ᠢᠮᠧᠲᠷ︶ ᠶᠢ ᠨᠢᠭᠡ ᠯᠡ ᠤᠳᠠᠭ᠎ᠠ ᠳᠤ ᠳᠠᠭᠤᠰᠬᠠᠵᠤ᠂ ᠡᠷᠳᠡᠨᠢ ᠰᠢᠰᠢ ᠶᠢᠨ ᠴᠢᠬᠢᠯᠡᠬᠦ ᠬᠤᠭᠤᠴᠠᠭ᠎ᠠ᠂ ᠦᠶᠡᠯᠡᠬᠦ ᠬᠤᠭᠤᠴᠠᠭ᠎ᠠ᠂ ᠲᠡᠯᠪᠡᠭᠡᠯᠡᠬᠦ ᠬᠤᠭᠤᠴᠠᠭ᠎ᠠ᠂ ᠲᠦᠷᠦᠭᠦᠳᠡᠬᠦ ᠬᠤᠭᠤᠴᠠᠭ᠎ᠠ᠂ ᠡᠭᠡᠳᠡᠩ ᠴᠢᠳᠬᠤᠬᠤ ᠬᠤᠭᠤᠴᠠᠭ᠎ᠠ᠂  ᠪᠣᠯᠪᠠᠰᠤᠷᠠᠭᠤᠯᠬᠤ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠬᠤᠭᠤᠴᠠᠭᠠᠨ ᠳᠤ ᠤᠰᠤ ᠪᠣᠷᠳᠣᠭᠤᠷ ᠤᠨ ᠬᠠᠩᠭᠠᠯᠭ᠎ᠠ ᠶᠢ ᠪᠠᠲᠤᠯᠠᠵᠤ᠂ 6— 8 ᠤᠳᠠᠭ᠎ᠠ ᠳᠤᠰᠤᠯᠭᠠᠨ ᠤᠰᠤᠯᠠᠵᠤ᠂ 5 ︱ 6 ᠤᠳᠠᠭ᠎ᠠ ᠨᠡᠮᠡᠯᠲᠡ ᠪᠣᠷᠳᠣᠭᠤᠷ ᠤᠷᠤᠭᠤᠯᠪᠠ᠃ ᠭᠤᠷᠪᠠ ᠳᠤ ᠵᠦᠢ ᠵᠣᠬᠢᠰᠲᠠᠢ ᠨᠢᠭᠲᠠ ᠳᠠᠷᠢᠵᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠥᠷᠭᠡᠨ ᠳᠠᠯᠠᠩ ᠤᠨ ᠲᠠᠩ ᠮᠥᠬᠦᠯᠢᠭ ᠤᠨ ᠨᠠᠷᠢᠯᠢᠭ ᠬᠡᠮᠵᠢᠶ᠎ᠡ ᠪᠠᠷ ᠬᠤᠶᠠᠷ ᠮᠥᠷ ᠢᠶᠠᠷ ᠳᠠᠷᠢᠵᠤ᠂ ᠥᠷᠭᠡᠨ ᠨᠢ 80 ᠰᠠᠨᠲ᠋ᠢᠮᠧᠲᠷ᠂ ᠨᠠᠷᠢᠨ ᠨᠢ 40 ᠰᠠᠨᠲ᠋ᠢᠮᠧᠲᠷ᠂ ᠮᠣᠳᠣᠨ ᠤ ᠵᠠᠢ ᠨᠢ 18 ︱22 ᠰᠠᠨᠲ᠋ᠢᠮᠧᠲᠷ ᠪᠠᠶᠢᠵᠤ᠂ ᠳᠠᠷᠢᠬᠤ ᠨᠢᠭᠲᠠᠴᠠ ᠶᠢ 5500 ︱ 6500 ᠰᠠᠭᠤᠷᠢ / ᠮᠦ ᠳᠤ ᠪᠠᠶᠢᠯᠭᠠᠵᠤ᠂ 6 ︱ 8 ᠳᠡᠯᠭᠡᠮᠡᠯ ᠨᠠᠪᠴᠢ ᠶᠢᠨ ᠬᠤᠭᠤᠴᠠᠭᠠᠨ ᠳᠤ ᠰᠦᠷᠴᠢᠨ ᠣᠷᠣᠭᠤᠯᠵᠤ ᠬᠢᠮᠢ ᠶᠢᠨ ᠠᠵᠤ ᠦᠢᠯᠡᠳᠪᠦᠷᠢ ᠶᠢᠨ ᠡᠵᠡᠮᠳᠡᠨ ᠨᠤᠷᠠᠬᠤ ᠶᠢ ᠰᠡᠷᠭᠡᠶᠢᠯᠡᠵᠦ᠂ ᠡᠷᠳᠡᠨᠢ ᠰᠢᠰᠢ ᠪᠣᠯᠪᠠᠰᠤᠷᠠᠭᠰᠠᠨ ᠤ ᠳᠠᠷᠠᠭ᠎ᠠ ᠬᠠᠮ ᠬᠤᠷᠢᠶᠠᠬᠤ ᠮᠠᠰᠢᠨ ᠢᠶᠠᠷ ᠰᠢᠭᠤᠳ ᠦᠷ᠎ᠡ ᠬᠤᠷᠢᠶᠠᠵᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ᠂ ︽ᠬᠡᠪᠲᠡᠭᠰᠡᠨ ᠠᠮᠤ ᠪᠤᠳᠠᠭ᠎ᠠ︾ ᠶᠢᠨ ᠬᠤᠷᠣᠭᠳᠠᠯ ᠢ ᠪᠠᠭᠠᠰᠬᠠᠬᠤ ᠶᠢᠨ ᠬᠠᠮᠲᠤ ᠡᠰᠢ ᠰᠦᠷᠡᠯ ᠢ ᠬᠡᠮᠬᠡᠯᠵᠦ ᠲᠠᠷᠢᠶᠠᠨ ᠭᠠᠵᠠᠷ ᠲᠤ ᠪᠤᠴᠠᠭᠠᠪᠠ᠃
图片2.png
      ︽ᠳᠤᠯᠠᠭᠠᠨ ᠢ ᠨᠡᠮᠡᠭᠳᠡᠭᠦᠯᠬᠦ᠂ ᠤᠰᠤ ᠪᠣᠷᠳᠣᠭᠤᠷ ᠢ ᠪᠠᠲᠤᠯᠠᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠭᠠᠷᠭᠠᠨ ᠠᠪᠬᠤ︾ ᠲᠠᠷᠢᠮᠠᠯ ᠤᠨ ᠵᠠᠭᠪᠤᠷ ᠢᠶᠠᠷ ᠳᠡᠮᠵᠢᠨ᠂ ᠮᠦ ᠪᠦᠷᠢ ᠶᠢᠨ ᠳᠤᠮᠳᠠᠴᠢ ᠤᠨᠠᠯᠲᠠ ᠶᠢ 1000 ᠺᠢᠯᠣᠭ᠍ᠷᠠᠮ ᠠᠴᠠ ᠳᠡᠭᠡᠭᠰᠢ ᠪᠣᠯᠭᠠᠵᠤ᠂ ᠤᠯᠠᠮᠵᠢᠯᠠᠯᠲᠤ ᠲᠠᠷᠢᠮᠠᠯ ᠤᠨ ᠮᠦ ᠪᠦᠷᠢ ᠶᠢᠨ ᠳᠤᠮᠳᠠᠴᠢ ᠤᠨᠠᠯᠲᠠ ᠠᠴᠠ 100 ᠺᠢᠯᠣᠭ᠍ᠷᠠᠮ ᠠᠴᠠ ᠳᠡᠭᠡᠭᠰᠢ ᠳᠡᠭᠡᠭᠰᠢᠯᠡᠭᠦᠯᠬᠦ ᠶᠢᠨ ᠬᠠᠮᠲᠤ ᠮᠦ ᠪᠦᠷᠢ ᠶᠢᠨ ᠳᠤᠮᠳᠠᠴᠢ ᠪᠣᠷᠳᠣᠭᠤᠷ ᠢ 2 ︱ 3 ᠺᠢᠯᠣᠭ᠍ᠷᠠᠮ ᠠᠷᠪᠢᠯᠠᠵᠤ᠂ ᠮᠦ ᠪᠦᠷᠢ ᠶᠢᠨ ᠳᠤᠮᠳᠠᠴᠢ ᠤᠰᠤ ᠶᠢ 150 ᠪᠣᠰᠤᠭ᠎ᠠ ᠳᠥᠷᠪᠡᠯᠵᠢᠨ ᠮᠧᠲᠷ ᠠᠷᠪᠢᠯᠠᠵᠤ᠂ ᠮᠦ ᠪᠦᠷᠢ ᠶᠢᠨ ᠥᠪᠡᠷ ᠤᠨ ᠥᠷᠲᠡᠭ ᠢ ᠠᠷᠪᠢᠯᠠᠵᠤ ᠣᠷᠣᠯᠭ᠎ᠠ ᠶᠢ 250 ︱ 350 ᠲᠥᠭᠦᠷᠢᠭ ᠨᠡᠮᠡᠭᠳᠡᠭᠦᠯᠬᠦ ᠶᠢ ᠪᠡᠶᠡᠯᠡᠭᠦᠯᠵᠦ᠂ ᠪᠥᠬᠦ ᠬᠤᠰᠢᠭᠤᠨ ᠤ ᠡᠷᠳᠡᠨᠢ ᠰᠢᠰᠢ ᠶᠢᠨ  ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠪᠠ ᠤᠰᠤ ᠪᠣᠷᠳᠣᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃
图片3.png
      ᠲᠣᠰ ᠵᠠᠭᠪᠤᠷ ᠢ ᠵᠠᠯᠠᠶᠢᠳ ᠬᠤᠰᠢᠭᠤᠨ ᠳᠤ ᠡᠬᠢᠯᠡᠨ ᠳᠡᠯᠭᠡᠷᠡᠭᠦᠯᠵᠦ᠂ ᠵᠠᠯᠠᠶᠢᠳ ᠬᠤᠰᠢᠭᠤᠨ ᠤ ᠵᠡᠭᠦᠨ ᠡᠮᠦᠨᠡᠲᠦ ᠶᠢᠨ ᠲᠠᠯ᠎ᠠ ᠭᠠᠵᠠᠷ ᠲᠤ ᠵᠢᠱᠢᠶ᠎ᠡ ᠦᠵᠡᠭᠦᠯᠦᠨ ᠬᠡᠷᠡᠭᠯᠡᠵᠦ᠂ ᠲᠠᠷᠠᠭᠠᠴᠢ ᠶᠢᠨ ᠠᠯᠬᠤᠮ ᠳᠤ ᠬᠢᠩᠭᠠᠨ ᠠᠶᠢᠮᠠᠭ ᠤᠨ ᠪᠤᠰᠤᠳ ᠭᠠᠵᠠᠷ ᠣᠷᠣᠨ ᠳᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠳᠡᠯᠭᠡᠷᠡᠭᠦᠯᠬᠦ ᠪᠠᠷ ᠪᠣᠢ᠃ 
图片4.png
   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号