︽ᠡᠯᠪᠡᠭ ᠬᠤᠷᠢᠶᠠᠯᠲᠠ ᠶᠢ ᠪᠠᠶᠠᠷᠯᠠᠨ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠤᠶ᠎ᠠ︾︱ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠡᠬᠢᠯᠡᠪᠡ
ᠨᠡᠶᠢᠲᠡᠯᠡᠭᠰᠡᠨ ᠴᠠᠭ᠄
2023/9/20
11.jpg
       ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠪᠠᠯ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠦᠷ᠎ᠡ ᠬᠤᠷᠢᠶᠠᠮᠤᠢ᠂ ᠪᠠᠰᠠ ᠨᠢᠭᠡ ᠵᠢᠯ ᠤᠨ ᠡᠯᠪᠡᠭ ᠬᠤᠷᠢᠶᠠᠯᠲᠠ ᠶᠢᠨ ᠴᠠᠭ ᠪᠣᠯᠤᠯ᠎ᠠ᠃ 9 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠣᠷᠳᠣᠰ ᠤᠨ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ᠡᠬᠢᠯᠡᠪᠡ᠃ ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠷᠳᠣᠰ ᠬᠤᠲᠠ ᠶᠢᠨ ᠨᠠᠮ ᠤᠨ ᠬᠤᠷᠢᠶ᠎ᠠ᠂ ᠣᠷᠳᠣᠰ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ︽ᠡᠯᠪᠡᠭ ᠬᠤᠷᠢᠶᠠᠯᠲᠠ ᠶᠢ ᠪᠠᠶᠠᠷᠯᠠᠨ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠤᠶ᠎ᠠ︾  ᠪᠠᠷ ᠭᠤᠣᠯ ᠰᠡᠳᠦᠪ ᠪᠣᠯᠭᠠᠭᠰᠠᠨ ᠪᠠᠶᠢᠨ᠎ᠠ᠃
12.jpg
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠡᠯᠪᠡᠭ ᠬᠤᠷᠢᠶᠠᠯᠲᠠ ᠶᠢᠨ ᠪᠠᠶᠠᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠥᠬᠦ ᠣᠷᠣᠨ ᠤ 15 ᠨᠡᠷᠡᠰ ︽ᠪᠥᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠬᠥᠳᠡᠯᠮᠦᠷᠢ ᠶᠢᠨ ᠵᠢᠱᠢᠶᠡᠴᠢ︾ ᠶᠢᠨ ᠪᠠᠶᠠᠷ ᠤᠨ ᠮᠡᠳᠡᠭᠡ ᠶᠢ ᠤᠩᠰᠢᠨ ᠨᠡᠶᠢᠲᠡᠯᠡᠪᠡ᠃
13.jpg
       ᠲᠤᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ 2 ᠡᠳᠦᠷ ᠶᠠᠪᠤᠭᠳᠠᠬᠤ ᠪᠣᠯᠣᠨ᠎ᠠ᠂ ᠭᠤᠣᠯ ᠬᠤᠷᠠᠯ ᠤᠨ ᠲᠠᠯᠠᠪᠠᠢ ᠪᠠ ᠬᠤᠪᠢᠶᠠᠷᠢ ᠬᠤᠷᠠᠯ ᠤᠨ ᠲᠠᠯᠠᠪᠠᠢ ᠲᠣᠰᠪᠣᠷᠢ ᠨᠢᠭᠡ ᠲᠣᠬᠢᠷᠠᠭᠤᠯᠤᠨ᠎ᠠ᠂ ᠡᠨᠡ ᠬᠤᠭᠤᠴᠠᠭᠠᠨ ᠳᠤ ᠪᠦᠬᠦ ᠣᠷᠣᠨ ᠤ ᠪᠣᠬᠢᠷᠲᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ᠂ 9.19 ᠤ ᠡᠯᠧᠺᠲᠷᠣᠨ ᠬᠤᠳᠠᠯᠳᠤᠭᠠᠨ ᠤ ᠨᠠᠶᠢᠷ᠂ ᠤᠯᠠᠭᠠᠨᠮᠥ᠋ᠴᠢᠷ ᠤᠨ ᠦᠵᠡᠭᠦᠯᠭᠡ ᠶᠢᠨ ᠲᠣᠭᠯᠠᠯᠲᠠ᠂ ᠠᠮᠳᠠᠲᠤ ᠢᠳᠡᠭᠡᠨ ᠤ ᠰᠢᠯᠭᠠᠨ ᠦᠨᠡᠯᠡᠯᠲᠡ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠰᠢᠷᠢᠰ ᠠᠵᠢᠯᠯᠠᠭ᠎ᠠ ᠶᠢ ᠡᠷᠬᠢᠯᠡᠬᠦ ᠶᠢᠨ ᠬᠠᠮᠲᠤ ᠪᠠᠰᠠ ︽ᠡᠯᠪᠡᠭ ᠬᠤᠷᠢᠶᠠᠯᠲᠠ ᠶᠢᠨ ᠰᠢᠯᠢᠳᠡᠭ ᠪᠦᠲᠦᠭᠡᠭᠳᠡᠬᠦᠨ︾ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠯᠭ᠎ᠠ ᠭᠠᠷᠭᠠᠵᠤ᠂ ᠰᠦᠯᠵᠢᠶᠡᠨ ᠠᠯᠳᠠᠷᠲᠠᠨ ᠢ ᠤᠷᠢᠵᠤ ᠪᠦᠬᠦ ᠣᠷᠣᠨ ᠤ 12 ᠠᠶᠢᠮᠠᠭ ᠬᠤᠳᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠠᠷᠢᠶᠠᠯᠠᠩ ᠢ ᠲᠤᠰᠠᠯᠠᠵᠤ ᠪᠠᠷᠠᠭ᠎ᠠ ᠪᠤᠷᠤᠯᠠᠭᠤᠯᠬᠤ ᠰᠢᠭᠤᠳ ᠨᠡᠪᠲᠡᠷᠡᠭᠦᠯᠭᠡ ᠬᠢᠬᠦ ᠪᠣᠯᠤᠨ᠎ᠠ᠃ ᠳ᠋ᠦᠩᠱᠧᠩ ᠲᠣᠭᠤᠷᠢᠭ ᠤᠨ ᠵᠧ ᠵᠢᠶᠠ ᠯᠢᠶᠠᠩ ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠢ ᠳᠤ᠂ ᠬᠥᠳᠡᠭᠡ ᠲᠣᠰᠬᠤᠨ ᠤ ᠠᠮᠲᠠᠲᠤ ᠢᠳᠡᠭᠡᠨ ᠢ ᠳᠡᠯᠭᠡᠷᠡᠭᠦᠯᠬᠦ᠂ ᠬᠥᠳᠡᠭᠡ ᠲᠣᠰᠬᠤᠨ ᠤ ᠳᠤᠷ᠎ᠠ ᠰᠣᠨᠢᠷᠬᠠᠯ ᠤᠨ ᠮᠥᠷᠥᠶᠢᠴᠡᠭᠡᠨ᠂ ᠬᠥᠳᠡᠭᠡ ᠲᠣᠰᠬᠤᠨ ᠤ ᠳᠠᠭᠤᠤ ᠪᠥᠵᠢᠭ ᠵᠡᠷᠭᠡ ᠪᠠᠶᠠᠷᠯᠠᠨ ᠪᠡᠯᠭᠡᠯᠡᠬᠦ ᠠᠵᠢᠯᠯᠠᠭ᠎ᠠ ᠵᠡᠷᠭᠡᠪᠡᠷ ᠶᠠᠪᠤᠭᠳᠠᠨ᠎ᠠ᠃
14.png
 
15.jpg
      ᠣᠶᠢᠷ᠎ᠠ ᠳᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠴᠥᠮ ᠡᠯ᠎ᠡ ᠵᠦᠢᠯ ᠤᠨ ᠬᠡᠯᠪᠡᠷᠢ ᠶᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢ ᠪᠠᠶᠠᠷᠯᠠᠨ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠡᠯᠪᠡᠭ ᠬᠤᠷᠢᠶᠠᠯᠲᠠ ᠶᠢᠨ ᠥᠯᠢᠭᠡᠷ ᠢ ᠶᠠᠷᠢᠬᠤ᠂ ᠮᠠᠯᠴᠢᠨ ᠲᠠᠷᠢᠶᠠᠴᠢᠳ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠬᠦ᠂ ᠺᠠᠳ᠋ᠷ ᠣᠯᠠᠨ ᠲᠦᠮᠡᠨ ᠤ ᠡᠶ᠎ᠡ ᠨᠠᠶᠢᠷᠠᠮᠳᠠᠭᠤ ᠠᠮᠢᠳᠤᠷᠠᠯ ᠢ ᠬᠠᠮᠲᠤ ᠪᠠᠷ ᠴᠣᠭᠴᠠᠯᠠᠬᠤ ᠡᠷᠴᠢ ᠵᠣᠷᠢᠭ ᠢ ᠬᠥᠭᠵᠢᠭᠡᠬᠦ ᠪᠣᠯᠣᠨ᠎ᠠ᠃
16.jpg
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号