9 ᠰᠠᠷ᠎ᠠ ᠶᠢᠨ 14 ︱ 16 ᠤ ᠡᠳᠦᠷ ᠪᠣᠯᠲᠠᠯ᠎ᠠ ᠂ ᠪᠥᠬᠦ ᠣᠷᠣᠨ ᠤ ᠭᠠᠳᠠᠨ᠎ᠠ ᠠᠴᠠ ᠣᠷᠣᠵᠤ ᠢᠷᠡᠭᠰᠡᠨ | ᠤᠰᠤᠨ ᠤ ᠠᠮᠢᠲᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠵᠢᠴᠢ | ᠲᠦᠭᠦᠭᠡᠷᠦᠮᠵᠢᠲᠦ ᠵᠢᠭᠠᠰᠤᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ | ᠬᠥᠬᠡᠬᠤᠲᠠ ᠶᠢᠨ ᠶᠢᠨ ᠾᠧ ᠵᠣᠴᠢᠳ ᠤᠨ ᠪᠠᠭᠤᠳᠠᠯ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠸᠠᠩ ᠵᠢᠶᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠰᠤᠷᠤᠨ᠎ᠠ ᠂ ᠤᠰᠤᠨ ᠭᠠᠷᠤᠯᠲᠠ ᠶᠢᠨ ᠮᠡᠷᠭᠡᠵᠢᠯ ᠤᠨ | ᠭᠠᠵᠠᠷ ᠤᠨ ᠳᠠᠷᠤᠭ᠎ᠠ ᠫᠧᠩ ᠪᠧᠨ ᠴᠦ᠋ ᠠᠩᠭᠢ ᠡᠬᠢᠯᠡᠬᠦ ᠶᠣᠰᠣᠯᠠᠯ ᠳᠤ ᠣᠷᠣᠯᠴᠠᠪᠠ ᠂ ᠡᠯ᠎ᠡ ᠠᠶᠢᠮᠠᠭ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ | ᠵᠢᠭᠠᠰᠤᠨ ᠤ ᠶᠠᠪᠤᠳᠠᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ᠂ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠶᠢᠨ ᠭᠤᠣᠯ | ᠬᠠᠷᠢᠭᠤᠴᠠᠯᠭᠠᠲᠠᠨ᠂ ᠮᠡᠷᠭᠡᠵᠢᠯ ᠤᠨ ᠨᠢᠷᠤᠭᠤᠪᠴᠢ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠤᠨ ᠺᠠᠳ᠋ᠷ | ᠠᠵᠢᠯᠲᠠᠨ ᠠᠵᠢᠯᠴᠢᠨ ᠪᠣᠯᠪᠠᠰᠤᠷᠠᠯ ᠳᠤ ᠣᠷᠣᠯᠴᠠᠪᠠ᠃ | | | | | ᠪᠥᠬᠦ ᠣᠷᠣᠨ ᠤ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠨᠡᠶᠢᠳᠡᠮ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨᠴᠢ ᠣᠨᠣᠪᠴᠢᠲᠠᠶ ᠪᠠᠶᠢᠬᠤ ᠶᠢ ᠪᠠᠲᠤᠯᠠᠬᠤ ᠶᠢᠨ | ᠲᠥᠯᠥᠭᠡ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠬᠢᠨ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠵᠢᠴᠢ ᠶᠠᠰᠤ ᠴᠢᠨᠠᠷ ᠢ ᠡᠵᠡᠮᠳᠡᠬᠦ ᠠᠵᠢᠯ ᠳᠤ ᠤᠯᠠᠮ ᠨᠢᠭᠡ ᠠᠯᠬᠤᠮ | ᠨᠠᠷᠢᠨ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ | ᠠᠵᠢᠯ ᠳᠤ ᠵᠣᠬᠢᠴᠠᠩᠭᠤᠢ ᠪᠣᠯᠪᠠᠰᠤᠷᠠᠯ ᠪᠠ ᠲᠣᠬᠢᠷᠠᠭᠤᠯᠤᠯᠲᠠ ᠬᠢᠭᠰᠡᠨ ᠪᠠᠶᠢᠨ᠎ᠠ᠃ | | | | | ᠡᠭᠦᠨ ᠠᠴᠠ ᠭᠠᠳᠠᠨ᠎ᠠ᠂ ᠮᠠᠨ ᠤ ᠣᠷᠣᠨ ᠤ ᠲᠦᠭᠦᠭᠡᠷᠦᠮᠵᠢᠲᠦ ᠵᠢᠭᠠᠰᠤᠨ ᠤ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠂ ᠤᠰᠤᠨ ᠭᠠᠷᠤᠯᠲᠠ ᠶᠢᠨ ᠠᠶᠤᠯᠭᠦᠢ ᠪᠦᠲᠦᠮᠵᠢᠲᠡᠶ ᠬᠠᠩᠭᠠᠯᠭ᠎ᠠ ᠶᠢ | ᠪᠠᠲᠤᠯᠠᠬᠤ ᠶᠢᠨ ᠲᠦᠯᠦᠭᠡ ᠂ ᠪᠣᠯᠪᠠᠰᠤᠷᠠᠯ ᠤᠨ ᠠᠩᠭᠢ ᠮᠠᠨ ᠤ ᠣᠷᠣᠨ ᠤ ᠣᠳᠣ ᠦᠶ᠎ᠡ ᠶᠢᠨ ᠲᠦᠭᠦᠭᠡᠷᠦᠮᠵᠢᠲᠦ | ᠵᠢᠭᠠᠰᠤᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠬᠡᠷᠡᠭᠵᠢᠭᠦᠯᠬᠦ ᠲᠥᠰᠥᠯ ᠳᠤ ᠲᠠᠶᠢᠯᠤᠮᠵᠢ | ᠬᠢᠭᠰᠡᠨ ᠪᠥᠭᠡᠳ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠭᠠᠷᠤᠯᠲᠠ ᠶᠢᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠯᠢ ᠳ᠋ᠠ ᠫᠧᠩ ᠂ ᠳᠤᠮᠳᠠᠳᠤ ᠤᠯᠤᠰ ᠤᠨ ᠤᠰᠤᠨ ᠭᠠᠷᠤᠯᠲᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠵᠦᠵᠢᠶᠠᠩ ᠮᠥᠷᠡᠨ ᠤ ᠤᠰᠤᠨ ᠭᠠᠷᠤᠯᠲᠠ ᠶᠢᠨ ᠰᠤᠳᠤᠯᠭᠠᠨ ᠤ | ᠭᠠᠵᠠᠷ ᠤᠨ ᠰᠤᠳᠤᠯᠤᠭᠴᠢ ᠰᠢᠶᠧ ᠵᠢᠶᠦ᠋ᠨ ᠵᠢᠴᠢ ᠵᠢᠭᠠᠰᠤᠨ ᠤ ᠠᠵᠤ ᠦᠢᠯᠡᠰ ᠤᠨ ᠮᠠᠰᠢᠨ ᠬᠡᠮᠵᠢᠭᠦᠷᠯᠢᠭ ᠤᠨ | ᠰᠤᠳᠤᠯᠭᠠᠨ ᠤ ᠭᠠᠵᠠᠷ ᠤᠨ ᠰᠤᠳᠤᠯᠤᠭᠴᠢ ᠯᠢᠦ ᠰᠢᠩ ᠭᠦᠸᠧ ᠶᠢ ᠣᠨᠴᠠᠭᠠᠶᠢᠯᠠᠨ ᠤᠷᠢᠵᠤ ᠲᠣᠰ ᠲᠣᠰ ᠤᠰᠤᠨ | ᠭᠠᠷᠤᠯᠲᠠ ᠶᠢ ᠢᠨᠵᠧᠨᠧᠷᠢᠭᠵᠢᠭᠦᠯᠦᠨ ᠲᠡᠵᠢᠭᠡᠨ ᠦᠷᠡᠵᠢᠭᠦᠯᠬᠦ ᠮᠡᠷᠭᠡᠵᠢᠯ ᠪᠠ ᠵᠠᠭᠪᠤᠷ ᠤᠨ ᠬᠥᠭᠵᠢᠯᠲᠡ᠂ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠰᠡᠭᠦᠯ ᠤᠨ ᠤᠰᠤ ᠶᠢ ᠵᠠᠰᠠᠬᠤ ᠮᠡᠷᠭᠡᠵᠢᠯ ᠤᠨ ᠠᠷᠭ᠎ᠠ ᠵᠠᠮ ᠪᠠ ᠵᠠᠭᠪᠤᠷ᠂ | ᠲᠦᠭᠦᠭᠡᠷᠦᠮᠵᠢᠲᠦ ᠲᠡᠵᠢᠭᠡᠨ ᠦᠷᠡᠵᠢᠭᠦᠯᠬᠦ ᠰᠠᠭᠤᠷᠢ ᠪᠠ ᠰᠢᠰᠲ᠋ᠧᠮ ᠤᠨ ᠪᠠᠶᠢᠭᠤᠯᠤᠯᠲᠠ ᠶᠢᠨ ᠲᠤᠬᠠᠢ ᠨᠠᠷᠢᠨ | ᠲᠠᠶᠢᠯᠪᠤᠷᠢᠯᠠᠯᠲᠠ ᠬᠢᠵᠡᠢ᠃ | | | | | | | | |