9 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠢ ᠵᠣᠯᠭᠠᠭᠤᠯᠬᠤ | ᠳᠤᠭᠤᠶᠢᠯᠠᠩ ᠰᠢᠯᠢ ᠶᠢᠨ ᠭᠤᠣᠯ ᠠᠶᠢᠮᠠᠭ ᠲᠤ ᠭᠦᠨᠵᠡᠭᠡᠶᠢᠷᠡᠨ᠂ ᠣᠨᠴᠠᠯᠢᠭᠲᠤ ᠴᠠᠭᠠᠨ ᠢᠳᠡᠭᠡ᠂ ᠬᠠᠰᠢᠶᠠᠯᠠᠨ | ᠲᠡᠵᠢᠭᠡᠬᠦ ᠮᠠᠯ ᠠᠵᠤ ᠠᠬᠤᠢ᠂ ᠮᠠᠯᠵᠢᠯ ᠤᠨ ᠲᠠᠯᠠᠪᠠᠶ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠡᠵᠢᠭᠡᠯ ᠡᠪᠡᠰᠦᠨ ᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠶᠠᠷᠢᠯᠴᠠᠬᠤ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠵᠠᠢ᠃ | | | | ᠬᠤᠷᠠᠯ ᠳᠡᠭᠡᠷ᠎ᠡ᠂ ᠠᠵᠢᠯ ᠢ ᠵᠣᠯᠭᠠᠭᠤᠯᠬᠤ ᠳᠤᠭᠤᠶᠢᠯᠠᠩ ᠤᠨ ᠬᠢᠨ ᠰᠢᠯᠢ ᠶᠢᠨ ᠭᠤᠣᠯ ᠠᠶᠢᠮᠠᠭ ᠤᠨ | ᠳᠤᠷᠠᠳᠤᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠳᠤᠮᠳᠠᠬᠢ ᠠᠰᠠᠭᠤᠳᠠᠯ ᠪᠠ ᠬᠡᠷᠡᠭᠴᠡᠭᠡ | ᠱᠠᠭᠠᠷᠳᠠᠯᠭ᠎ᠠ ᠳᠤ ᠲᠤᠬᠠᠢ ᠶᠢᠨ ᠲᠠᠯᠠᠪᠤᠷ ᠤᠨ ᠬᠠᠷᠢᠭᠤᠯᠲᠠ ᠥᠭᠭᠦᠭᠰᠡᠨ ᠪᠥᠭᠡᠳ 2024 ᠣᠨ ᠤ ᠠᠵᠢᠯ ᠳᠤ | ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠬᠤᠷᠠᠯ ᠠᠴᠠ᠂ ᠰᠢᠯᠢ ᠶᠢᠨ ᠭᠤᠣᠯ ᠠᠶᠢᠮᠠᠭ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢ ᠬᠥᠭᠵᠢᠭᠦᠯᠬᠦ | ᠨᠥᠬᠦᠴᠡᠯ ᠤᠯᠠᠨ ᠠᠴᠠ ᠣᠨᠴᠠᠭᠠᠢ ᠪᠠᠶᠢᠵᠤ᠂ ᠲᠥᠯᠥᠭᠡᠯᠡᠬᠦ ᠴᠢᠨᠠᠷᠲᠠᠢ᠂ ᠳᠠᠯᠳᠠ ᠬᠦᠴᠦᠨ ᠲᠠᠢ᠂ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠠᠯᠠᠰᠢᠨ ᠦᠬᠡᠷ᠂ ᠠᠯᠠᠰᠢᠨ ᠬᠤᠨᠢ ᠪᠣᠯᠣᠨ ᠤᠯᠠᠮᠵᠢᠯᠠᠯᠲᠤ ᠴᠠᠭᠠᠨ ᠢᠳᠡᠭᠡ ᠵᠡᠷᠭᠡ | ᠳᠠᠪᠠᠭᠤᠯᠢᠭ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠤᠳᠤ ᠦᠶ᠎ᠡ ᠶᠢᠨ ᠲᠠᠯ᠎ᠠ ᠨᠤᠲᠤᠭ ᠤᠨ | ᠮᠠᠯ ᠠᠵᠤ ᠠᠬᠤᠢ ᠶᠢᠨ ᠪᠦᠬᠦ ᠤᠯᠤᠰ ᠤᠨ ᠥᠨᠳᠦᠷᠯᠢᠭ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠲᠠᠯ᠎ᠠ ᠨᠤᠲᠤᠭ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠨᠡᠶᠢᠲᠡᠯᠢᠭ | ᠬᠡᠷᠡᠭ ᠤᠨ ᠵᠢᠱᠢᠶ᠎ᠡ ᠶᠢ ᠪᠦᠷᠢᠯᠳᠦᠭᠦᠯᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠠᠷᠢᠯᠢᠭ ᠪᠤᠯᠪᠠᠰᠤᠷᠠᠭᠤᠯᠤᠯᠳᠠ ᠶᠢ ᠴᠢᠩᠭᠠᠳᠬᠠᠵᠤ᠂ ᠦᠬᠡᠷ ᠬᠤᠨᠢᠨ ᠤ ᠠᠷᠠᠰᠤ᠂ ᠨᠣᠣᠰᠣ᠂ ᠶᠠᠰᠤ᠂ ᠴᠢᠰᠤ ᠶᠢ | ︽ᠭᠦᠢᠴᠡᠳ ᠠᠰᠢᠭᠯᠠᠨ︾᠂ ᠠᠷᠠᠳ ᠣᠯᠠᠨ ᠳᠤ ᠨᠠᠩ ᠶᠡᠭᠡ ᠠᠰᠢᠭ ᠬᠦᠷᠲᠡᠭᠡᠬᠦ ᠬᠡᠷᠡᠭᠲᠡᠢ᠃ ᠪᠡᠯᠡᠨ ᠵᠠᠭᠤᠰᠢ ᠶᠢᠨ | ᠠᠵᠤ ᠦᠢᠯᠡᠰ ᠢ ᠪᠤᠵᠠᠭᠠᠶᠢᠷᠠᠭᠤᠯᠤᠨ᠂ ᠣᠨᠴᠠᠯᠢᠭᠲᠤ ᠴᠠᠭᠠᠨ ᠢᠳᠡᠭᠡᠨ ᠤ ᠪᠤᠯᠪᠠᠰᠤᠷᠠᠭᠤᠯᠤᠯᠳᠠ ᠶᠢ ᠬᠥᠭᠵᠢᠭᠦᠯᠵᠦ᠂ | ᠣᠨᠳᠣᠣ ᠭᠠᠵᠠᠷ ᠲᠤ ᠬᠦᠮᠦᠷᠭᠡᠯᠡᠬᠦ ᠴᠢᠳᠠᠮᠵᠢ ᠶᠢ ᠴᠢᠩᠭᠠᠷᠠᠭᠤᠯᠤᠨ᠂ ︽ᠰᠢᠯᠢ ᠶᠢᠨ ᠭᠤᠣᠯ︾ ᠤᠨ ᠨᠠᠷᠠᠲᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︽ᠬᠦᠯᠢᠶᠡᠬᠦ ᠦᠭᠡᠢ ᠲᠦᠰᠢᠭᠯᠡᠬᠦ ᠦᠭᠡᠢ︾ | ᠠᠵᠢᠯ ᠤᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠪᠣᠳᠠᠲᠠᠢ ᠶᠢ ᠡᠷᠬᠢᠮᠯᠡᠨ᠂ ᠶᠠᠰᠤ ᠴᠢᠨᠠᠷ ᠢ ᠳᠡᠭᠡᠭᠰᠢᠯᠡᠭᠦᠯᠵᠦ᠂ | ︽ᠬᠦᠷᠢᠶᠡᠯᠡᠩ ᠲᠣᠭᠤᠷᠢᠭ ᠤᠨ ᠰᠡᠳᠬᠢᠬᠦᠢ︾ ᠪᠠᠷ ᠵᠢᠯᠣᠭᠤᠳᠤᠯᠭ᠎ᠠ ᠪᠣᠯᠭᠠᠨ᠂ ᠴᠢᠬᠤᠯᠠ ᠶᠡᠭᠡ ᠲᠥᠷᠥᠯ ᠵᠦᠢᠯ ᠢᠶᠠᠷ | ᠭᠠᠷᠳᠠᠴᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠥᠪᠡᠷᠮᠢᠴᠡ ᠣᠨᠴᠠᠯᠢᠭ ᠲᠠᠢ᠂ ᠬᠢᠯᠠᠰ | ᠴᠡᠭ ᠲᠠᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ︔ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |